2 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ 2025 ᠣᠨ ᠤ ᠴᠢᠬᠤᠯᠠ | ᠶᠡᠭᠡ ᠲᠥᠷᠥᠯ ᠵᠦᠢᠯ ᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠢ ᠡᠷᠭᠢᠯᠡᠪᠡ᠃ | | | | | | | | | | ᠸᠠᠩ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠴᠢᠬᠤᠯᠠ ᠶᠡᠭᠡ ᠲᠥᠷᠥᠯ ᠵᠦᠢᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠢᠨ ᠰᠤᠳᠠᠰᠤ | ᠪᠠ ᠭᠤᠤᠯ ᠬᠥᠳᠡᠯᠭᠡᠭᠦᠷ ᠮᠥᠨ᠂ 2025 ᠣᠨ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠬᠥᠭᠵᠢᠯᠲᠡ ᠶᠢᠨ ᠶᠠᠰᠤ | ᠴᠢᠨᠠᠷ ᠪᠠ ᠬᠥᠭᠵᠢᠯᠲᠡ ᠶᠢᠨ ᠰᠡᠯᠭᠦᠬᠦ ᠬᠦᠴᠦᠨ ᠲᠠᠢ ᠬᠤᠯᠪᠣᠭᠳᠠᠵᠤ ᠪᠠᠶᠢᠳᠠᠭ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠵᠦᠶ ᠵᠣᠬᠢᠰᠲᠠᠶ ᠵᠠᠳᠠᠯᠤᠨ ᠰᠤᠳᠤᠯᠵᠤ ᠮᠠᠭᠠᠳᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠬᠦ ᠶᠢᠨ ᠬᠠᠮᠲᠤ ᠡᠯ᠎ᠡ ᠰᠠᠯᠠᠭ᠎ᠠ ᠮᠥᠴᠢᠷ ᠢ ᠤᠯᠠᠮ ᠨᠢᠭᠡ ᠠᠯᠬᠤᠮ | ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠥᠬᠦ | ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠪᠠᠯᠠ ᠣᠷᠣᠭᠤᠯᠤᠯᠲᠠ ᠶᠢ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠪᠥᠬᠦ ᠵᠢᠯ ᠤᠨ | ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ ᠭᠡᠵᠦ ᠱᠠᠭᠠᠷᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠢᠶᠠᠨ ᠴᠢᠶᠣᠤ ᠬᠤᠩ | ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |