ᠰᠤᠷᠪᠤᠯᠵᠢᠯᠠᠭᠴᠢ 8 ᠤ ᠡᠳᠦᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠠᠬᠢ ᠬᠢᠮᠢ ᠶᠢᠨ ᠪᠣᠷᠲᠣᠭᠤᠷ ᠤᠨ ᠬᠠᠩᠭᠠᠯᠭ᠎ᠠ ᠭᠦᠢᠴᠡᠳ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ 2025 ᠣᠨ ᠤ ᠬᠠᠪᠤᠷ ᠤᠨ ᠲᠠᠷᠢᠶᠠᠯᠠᠭ᠎ᠠ | ᠵᠢᠴᠢ ᠪᠥᠬᠦ ᠵᠢᠯ ᠤᠨ ᠬᠢᠮᠢ ᠶᠢᠨ ᠪᠣᠷᠲᠣᠭᠤᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃ | ᠮᠡᠳᠡᠭᠳᠡᠯ ᠳᠤ᠂ ᠡᠯ᠎ᠡ ᠭᠠᠵᠠᠷ ᠣᠷᠣᠨ᠂ ᠬᠤᠯᠪᠣᠭᠳᠠᠯ ᠪᠥᠬᠦᠶ ᠠᠵᠤ ᠠᠬᠤᠶᠢᠯᠠᠯ ᠪᠠ ᠬᠤᠯᠪᠣᠭᠳᠠᠯ ᠪᠥᠬᠦᠶ ᠬᠤᠳᠠᠯᠳᠤᠭᠠᠴᠢᠳ ᠤᠨ ᠨᠡᠶᠢᠭᠡᠮᠯᠢᠭ | ᠬᠢᠮᠢ ᠶᠢᠨ ᠪᠣᠷᠲᠣᠭᠤᠷ ᠤᠨ ᠦᠢᠯᠡᠳᠪᠦᠷᠢᠯᠡᠯ᠂ ᠭᠦᠢᠯᠭᠡᠭᠡ᠂ ᠨᠥᠭᠡᠴᠡᠯᠡᠯᠲᠡ᠂ ᠭᠠᠳᠠᠭᠠᠳᠤ ᠣᠷᠣᠭᠤᠯᠤᠯᠲᠠ ᠭᠠᠷᠭᠠᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠢᠴᠢ ᠲᠠᠷᠢᠶᠠᠯᠠᠩᠵᠢᠭᠤᠯᠤᠯᠲᠠ ᠶᠢᠨ ᠦᠢᠯᠡᠴᠢᠯᠡᠭᠡ ᠵᠡᠷᠭᠡ ᠣᠯᠠᠨ ᠲᠠᠯ᠎ᠠ ᠠᠴᠠ ᠭᠠᠷᠳᠠᠵᠤ᠂ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ | ᠪᠣᠷᠲᠣᠭᠤᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠄ | ᠨᠢᠭᠡ ᠳᠤ᠂ ᠦᠢᠯᠡᠳᠪᠦᠷᠢᠯᠡᠯ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠢᠮᠢ ᠶᠢᠨ ᠪᠤᠷᠳᠤᠭᠤᠷ ᠦᠢᠯᠡᠳᠪᠦᠷᠢᠯᠡᠬᠦ ᠠᠵᠤ | ᠠᠬᠤᠶᠢᠯᠠᠯ ᠤᠨ ᠨᠠᠭᠠᠳᠤ ᠵᠠᠬ᠎ᠠ ᠶᠢᠨ ᠦᠢᠯᠡᠳᠪᠦᠷᠢᠯᠡᠯ ᠤᠨ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠮᠢ ᠶᠢᠨ ᠪᠤᠷᠳᠤᠭᠤᠷ ᠤᠨ | ᠦᠢᠯᠡᠳᠪᠦᠷᠢᠯᠡᠯ ᠳᠤ ᠬᠡᠷᠡᠭᠯᠡᠬᠦ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ᠂ ᠬᠦᠬᠦᠷ᠂ ᠹᠣᠰᠹᠣᠷ ᠬᠦᠳᠡᠷ ᠵᠡᠷᠭᠡ ᠡᠨᠧᠷᠭᠢ ᠶᠢᠨ ᠡᠬᠢ ᠪᠠᠶᠠᠯᠢᠭ ᠤᠨ | ᠬᠠᠩᠭᠠᠯᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ︔ ᠬᠤᠶᠠᠷ ᠲᠤ᠂ ᠲᠡᠭᠡᠭᠡᠪᠦᠷᠢ ᠶᠢᠨ ᠵᠣᠬᠢᠴᠠᠭᠤᠯᠭ᠎ᠠ ᠪᠠ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠶᠢ ᠴᠢᠩᠭᠠᠳᠬᠠᠵᠤ᠂ ᠬᠢᠮᠢ ᠶᠢᠨ ᠪᠣᠷᠲᠣᠭᠤᠷ ᠤᠨ ᠬᠠᠩᠭᠠᠯᠭ᠎ᠠ ᠲᠠᠰᠤᠯᠳᠠᠬᠤ ᠥᠬᠡᠶ᠂ ᠪᠣᠷᠣᠯᠠᠭᠤᠯᠭ᠎ᠠ ᠲᠠᠰᠤᠷᠠᠬᠤ ᠥᠬᠡᠶ ᠪᠠᠶᠢᠬᠤ ᠶᠢ | ᠪᠠᠲᠤᠯᠠᠬᠤ ᠬᠡᠷᠡᠭᠲᠡᠢ︔ ᠭᠤᠷᠪᠠ ᠳᠤ᠂ ᠬᠢᠮᠢ ᠶᠢᠨ ᠪᠣᠷᠳᠣᠭᠤᠷ ᠨᠥᠭᠡᠴᠡᠯᠡᠬᠦ ᠬᠠᠮᠢᠶᠠᠷᠤᠯᠲᠠ ᠶᠢ ᠴᠢᠩᠭᠠᠳᠬᠠᠨ᠂ ᠨᠥᠭᠡᠴᠡ ᠪᠠᠷᠠᠭᠠᠨ ᠤ ᠢᠷᠡᠯᠲᠡ ᠶᠢᠨ | ᠵᠣᠬᠢᠶᠠᠨ ᠪᠠᠶᠢᠭᠤᠯᠤᠯᠲᠠ᠂ ᠲᠡᠭᠡᠭᠡᠪᠦᠷᠢ ᠲᠣᠬᠢᠷᠠᠭᠤᠯᠤᠨ ᠲᠡᠭᠡᠭᠡᠪᠦᠷᠢᠯᠡᠬᠦ᠂ ᠪᠡᠯᠡ ᠮᠥᠩᠭᠦ ᠶᠢᠨ ᠵᠢᠭᠡᠯᠡᠯᠭᠡ ᠵᠡᠷᠭᠡ ᠲᠠᠯ᠎ᠠ ᠶᠢᠨ ᠬᠦᠴᠢᠷᠳᠡᠯ ᠢ | ᠵᠣᠬᠢᠴᠠᠭᠤᠯᠤᠨ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠴᠠᠭ ᠲᠤᠬᠠᠶ ᠳᠤᠨᠢ ᠵᠠᠬ᠎ᠠ ᠳᠡᠯᠭᠡᠭᠦᠷ ᠲᠤ ᠭᠠᠷᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ︔ ᠲᠦᠷᠪᠡ ᠳᠤ᠂ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠭᠠᠳᠤ | ᠤᠷᠤᠭᠤᠯᠤᠯᠲᠠ ᠭᠠᠷᠭᠠᠯᠲᠠ ᠶᠢᠨ ᠡᠮᠬᠢ ᠵᠢᠷᠤᠮ ᠢ ᠬᠠᠮᠠᠭᠠᠯᠠᠬᠤ ᠬᠡᠷᠡᠭᠲᠡᠢ︔ ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠭᠡᠰᠦᠯᠢᠭ ᠡᠳ᠋ ᠤᠨ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠷᠳᠠᠮ | ᠭᠦᠢᠴᠡᠳᠭᠡᠬᠦ ᠪᠠ ᠬᠢᠮᠢ ᠶᠢᠨ ᠪᠣᠷᠲᠣᠭᠤᠷ ᠤᠨ ᠬᠦᠷᠢᠶᠡᠨ ᠳᠠᠬᠢ ᠢᠲᠡᠭᠡᠮᠵᠢ ᠶᠢ ᠦᠨᠡᠯᠡᠬᠦ ᠪᠠᠶᠢᠭᠤᠯᠤᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ | ︔ ᠵᠢᠷᠭᠤᠭ᠎ᠠ ᠳᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠣᠷᠣᠭᠤᠯᠬᠤ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠮᠢ ᠶᠢᠨ ᠪᠣᠷᠲᠣᠭᠤᠷ ᠤᠨ ᠦᠢᠯᠡᠳᠪᠦᠷᠢᠯᠡᠯ ᠲᠣᠭᠲᠠᠭᠤᠨ᠂ ᠭᠦᠢᠯᠭᠡᠭᠡ | ᠤᠷᠤᠭᠰᠢᠲᠠᠶ᠂ ᠨᠥᠭᠡᠴᠡ ᠭᠦᠢᠴᠡᠳ ᠪᠠᠶᠢᠵᠤ᠂ ᠦᠨ᠎ᠡ ᠬᠠᠩᠰᠢ ᠨᠢ ᠬᠠᠷᠢᠴᠠᠩᠭᠤᠶ ᠵᠦᠶ ᠵᠣᠬᠢᠰᠲᠠᠶ ᠲᠦᠪᠰᠢᠨ ᠳᠤ ᠣᠷᠣᠰᠢᠵᠤ᠂ ᠬᠠᠪᠤᠷ ᠤᠨ | ᠲᠠᠷᠢᠶᠠᠯᠠᠭ᠎ᠠ ᠶᠢᠨ ᠬᠤᠭᠤᠴᠠᠭᠠᠨ ᠳᠤ ᠲᠠᠷᠢᠶᠠᠯᠠᠩ ᠳᠤ ᠬᠡᠷᠡᠭᠯᠡᠬᠦ ᠪᠣᠷᠲᠣᠭᠤᠷ ᠤᠨ ᠬᠠᠩᠭᠠᠯᠭ᠎ᠠ ᠪᠠᠲᠤᠯᠠᠭ᠎ᠠ ᠲᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠬᠢᠮᠢ ᠶᠢᠨ ᠪᠣᠷᠲᠣᠭᠤᠷ ᠤᠨ | ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠶᠡᠷᠦᠩᠬᠡᠶᠢᠯᠡᠭᠰᠡᠨ ᠴᠢᠨᠠᠷᠲᠠᠶ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠳᠡᠯ ᠤᠨ ᠠᠷᠭ᠎ᠠ ᠬᠡᠮᠵᠢᠶ᠎ᠡ ᠠᠪᠴᠤ᠂ ᠬᠠᠪᠤᠷ ᠤᠨ ᠲᠠᠷᠢᠶᠠᠯᠠᠭ᠎ᠠ ᠶᠢᠨ ᠬᠢᠮᠢ ᠶᠢᠨ ᠪᠣᠷᠲᠣᠭᠤᠷ ᠤᠨ ᠬᠠᠩᠭᠠᠯᠭ᠎ᠠ ᠭᠦᠢᠴᠡᠳ ᠪᠠᠶᠢᠬᠤ᠂ ᠪᠣᠷᠲᠣᠭᠤᠷ ᠤᠨ | ᠦᠨ᠎ᠡ ᠬᠠᠩᠰᠢ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠷᠲᠣᠭᠤᠷ ᠬᠡᠷᠡᠭᠯᠡᠬᠦ | ᠬᠡᠷᠡᠭᠴᠡᠭᠡ ᠶᠢ ᠬᠠᠩᠭᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 8 ᠤ ᠴᠠᠬᠢᠯᠭᠠᠨ ᠮᠡᠳᠡᠭᠡ︶ |