ᠵᠠᠰᠠᠭ ᠤᠨ ᠣᠷᠳᠣᠨ ᠤ ᠠᠵᠢᠯ ᠤᠨ ᠢᠯᠡᠳᠭᠡᠯ 2024 —2025
ᠨᠡᠶᠢᠲᠡᠯᠡᠭᠰᠡᠨ ᠴᠠᠭ᠄
2025/2/17
               ᠨᠢᠭᠡ᠂ 2024 ᠣᠨ ᠤ ᠠᠵᠢᠯ ᠤᠨ ᠡᠷᠭᠢᠴᠡᠭᠦᠯᠦᠯ         2024 ᠣᠨ ᠪᠣᠯ ᠮᠠᠨ ᠤ ᠬᠤᠰᠢᠭᠤᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠤᠷᠤᠭᠰᠢᠯᠠᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠭᠤᠣᠯ ᠰᠢᠵᠢᠮ ᠢ ᠴᠢᠩᠭ᠎ᠠ  ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ  ᠪᠠ ᠬᠦᠴᠦ ᠪᠠᠨ ᠲᠦᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ  ᠪᠤᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠰᠢᠨ᠎ᠡ ᠲᠠᠪᠰᠢᠯᠳᠠ ᠲᠠᠢ ᠪᠣᠯᠪᠠ᠃  ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 177.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.7 % ᠨᠡᠮᠡᠭᠳᠡᠪᠡ ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 47.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 16.6 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 31.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.1% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.9 % ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 41088 ᠲᠥᠭᠦᠷᠢᠭ ᠪᠠ 27784 ᠲᠥᠭᠦᠷᠢᠭ ᠲᠤ ᠬᠦᠷᠴᠦ᠂  ᠲᠤᠰ ᠪᠦᠷᠢ 5% ᠪᠠ 6.2 % ᠨᠡᠮᠡᠭᠳᠡᠪᠡ᠃      ᠨᠢᠭᠡ ᠳᠤ᠂ ︽ᠵᠢᠷᠭᠤᠭᠠᠨ ᠢᠨᠵᠧᠨᠧᠷᠢᠩ︾ ᠠᠮᠵᠢᠯᠲᠠ ᠪᠦᠲᠦᠮᠵᠢ ᠣᠯᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ 27.7 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 9.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 28 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ᠂ ᠠᠵᠤ ᠠᠬᠤᠶᠢᠯᠠᠯ ᠳᠤ 1.3 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠪᠦᠲᠦᠮᠵᠢᠲᠡᠶ ᠬᠤᠪᠢᠷᠠᠭᠤᠯᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠤᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ 5.3 ᠲᠦᠮᠡᠨ ᠮᠥ ᠪᠡᠶᠡᠯᠡᠭᠦᠯᠵᠦ᠂ 38.5 ᠰᠠᠶ᠎ᠠ ᠸᠠᠲ ᠤᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ  ᠵᠦᠢᠯ ᠢ ᠴᠠᠬᠢᠯᠭᠠᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠰᠦᠵᠢ ᠶᠢᠨ ᠡᠯᠡᠰᠦᠷᠬᠡᠭ ᠭᠠᠵᠠᠷ ᠤᠨ 2GW ᠶᠢᠨ ᠬᠡᠷᠡᠯ ᠴᠡᠨᠡᠭ ᠤᠨ ᠰᠠᠭᠤᠷᠢᠨ ᠭᠠᠵᠠᠷ ᠢ ᠤᠷᠤᠭᠰᠢᠲᠠᠶ ᠪᠥᠲᠥᠭᠡᠨ ᠪᠠᠶᠢᠭᠤᠯᠪᠠ᠃ 7000 ᠲᠦᠮᠡᠨ ᠲᠥᠭᠦᠷᠢᠭ ᠤᠨ ᠪᠡᠯᠡ ᠣᠷᠣᠭᠤᠯᠵᠤ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠢᠯᠴᠢ ᠬᠠᠩᠭᠠᠬᠤ 5 ᠲᠥᠷᠥᠯ ᠵᠦᠢᠯ ᠪᠣᠯᠤᠨ ᠬᠥᠳᠡᠭᠡ ᠲᠣᠰᠬᠤᠨ ᠤ ︽ᠨᠡᠭᠦᠷᠡᠰᠦ ᠪᠠᠷ ᠳᠤᠯᠠᠭᠠᠯᠠᠬᠤ ᠶᠢ ᠴᠠᠬᠢᠯᠭᠠᠨ ᠢᠶᠠᠷ ᠳᠤᠯᠠᠭᠠᠯᠠᠬᠤ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠤ 9808 ᠡᠷᠦᠬᠡ ᠳᠤ ᠴᠡᠪᠡᠷ ᠳᠤᠯᠠᠭᠠᠯᠠᠭ᠎ᠠ ᠬᠠᠩᠭᠠᠵᠤ᠂ ᠬᠤᠲᠠ ᠬᠥᠳᠡᠭᠡ ᠶᠢᠨ ᠳᠤᠯᠠᠭᠠᠯᠠᠭ᠎ᠠ ᠶᠢᠨ ᠶᠠᠰᠤ ᠴᠢᠨᠠᠷ ᠢᠯᠡᠳᠲᠡ ᠰᠠᠶᠢᠵᠢᠷᠠᠪᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠵᠣᠭᠤᠰ ᠢ 4736 ᠲᠦᠮᠡᠨ ᠲᠥᠭᠦᠷᠢᠭ ᠢᠯᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠦᠬᠦᠨ ᠳᠤ ᠢᠲᠡᠭᠡᠮᠵᠢ ᠶᠢᠨ ᠳᠠᠩᠰᠠ ᠡᠪᠬᠡᠮᠡᠯ  ᠪᠠᠶᠢᠭᠤᠯᠪᠠ᠃  ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠬᠦᠭᠵᠢᠯᠲᠡ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠲᠥᠯᠥᠨ ᠳᠠᠭᠠᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 16᠂ ᠬᠤᠲᠠ ᠶᠢᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 2᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ 1 ᠶᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠡᠯ᠎ᠡ ᠲᠥᠷᠥᠯ ᠤᠨ ᠲᠤᠰᠬᠠᠶ ᠠᠰᠢᠭ ᠢ 35  ᠶᠢ ᠰᠢᠨ᠎ᠡ ᠪᠠᠷ ᠨᠡᠮᠡᠭᠳᠡᠭᠦᠯᠪᠡ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠲᠠᠢ ᠢᠳᠡᠪᠬᠢᠲᠡᠶ ᠠᠭᠤᠰᠤᠯᠴᠠᠵᠤ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ 2 ᠳ᠋ᠦᠩᠰᠢᠭᠤᠷ ᠲᠥᠭᠦᠷᠢᠭ ᠢ ᠳᠠᠪᠠᠵᠤ᠂ ᠠᠷᠠᠯᠵᠢᠶᠠᠴᠢᠨ  ᠣᠷᠢᠵᠤ ᠭᠡᠷ᠎ᠡ ᠲᠣᠭᠲᠠᠭᠰᠠᠨ ᠲᠥᠷᠥᠯ  ᠵᠦᠢᠯ 10 ᠪᠠᠶᠢᠵᠤ᠂ 24.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠤᠨ ᠠᠪᠴᠢᠷᠠᠪᠠ᠃       ᠬᠤᠶᠠᠷ ᠲᠤ᠂ ᠠᠵᠤ ᠦᠢᠯᠡᠰ ᠤᠨ ᠰᠠᠭᠤᠷᠢ ᠶᠢ ᠨᠡᠩ ᠪᠠᠲᠤᠳᠬᠠᠪᠠ᠃  ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠠᠬᠢᠪᠠ᠃ 8.6 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 9.4 ᠲᠦᠮᠡᠨ ᠮᠥ ᠬᠤᠵᠢᠷᠯᠢᠭ ᠭᠠᠵᠠᠷ ᠢ ᠰᠠᠶᠢᠵᠢᠷᠠᠭᠤᠯᠵᠤ᠂ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 177 ᠲᠦᠮᠡᠨ ᠮᠥ ᠳᠤ ᠬᠦᠷᠦᠭᠦᠯᠵᠦ᠂ ᠤᠨᠠᠯᠲᠠ ᠨᠢ 27.6 ᠳ᠋ᠦᠩᠰᠢᠭᠤᠷ ᠵᠢᠩ ᠳᠤ ᠬᠦᠷᠴᠡᠢ᠃ ᠶᠡᠭᠡ ᠰᠢᠬᠡᠳᠡᠢ ᠪᠠᠯᠭᠠᠰᠤ ᠪᠦᠬᠦ ᠣᠷᠣᠨ ᠤ ᠡᠷᠳᠡᠨᠢ ᠰᠢᠰᠢ ᠲᠠᠷᠢᠬᠤ ᠬᠤᠶᠠᠷ ᠵᠦᠢᠯ ᠤᠨ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠵᠦ᠂ 30 ᠲᠦᠮᠡᠨ ᠮᠦ ᠪᠣᠬᠢᠷᠲᠤᠯ ᠦᠭᠡᠢ ᠲᠦᠭᠦᠬᠡᠢ ᠡᠳ᠋ ︵ᠡᠷᠳᠡᠨᠢ ᠰᠢᠰᠢ︶ ᠶᠢᠨ ᠪᠠᠷᠢᠮᠵᠢᠶᠠᠵᠢᠭᠤᠯᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠯᠤᠰ ᠤᠨ  ᠭᠡᠷᠡᠴᠢᠯᠡᠯᠲᠡ ᠶᠢ ᠣᠯᠪᠠ᠃ ᠲᠦᠬᠦᠭᠡᠷᠦᠮᠵᠢᠲᠦ ᠲᠠᠷᠢᠶᠠᠯᠠᠩ ᠢ 2560 ᠮᠥ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ 19 ᠶᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ 21 ᠰᠢᠨ᠎ᠡ ᠪᠠᠷ ᠥᠭᠡᠷᠡᠴᠢᠯᠡᠨ ᠪᠠᠶᠢᠭᠤᠯᠪᠠ᠃ 30.3 ᠲᠦᠮᠡᠨ ᠮᠥ ᠲᠡᠵᠢᠭᠡᠯ ᠡᠪᠡᠰᠦ ᠳᠠᠷᠢᠵᠤ᠂ 7 ᠲᠦᠮᠡᠨ ᠲᠣᠨ ᠮᠢᠬᠠᠨ ᠤ ᠵᠦᠢᠯ᠂ 16 ᠲᠦᠮᠡᠨ ᠲᠣᠨ ᠲᠦᠭᠦᠬᠡᠢ ᠰᠦ ᠦᠢᠯᠡᠳᠪᠦᠷᠢᠯᠡᠵᠦ᠂  ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠦᠨ ᠲᠡᠵᠢᠭᠡᠨ ᠦᠷᠡᠵᠢᠭᠦᠯᠬᠦ ᠠᠵᠢᠯ ᠰᠢᠨ᠎ᠡ ᠳᠡᠭᠲᠡᠷ ᠲᠤ ᠭᠠᠷᠪᠠ᠃ ᠠᠩᠬᠠᠳᠠᠭᠴᠢ ︽ᠲᠠᠷᠢᠶ᠎ᠠ ᠦᠵᠡᠵᠦ ᠦᠷ᠎ᠡ ᠰᠤᠩᠭᠤᠬᠤ︾ ᠲᠠᠪᠴᠠᠩ ᠢ ᠪᠠᠶᠢᠭᠤᠯᠵᠤ᠂  ᠬᠤᠸᠠ ᠮᠧᠩ ᠠᠯᠠᠰᠢᠨ ᠬᠤᠨᠢ ᠶᠢᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠯᠠᠵᠤᠤ᠂ ᠬᠢᠲᠠᠳ ᠡᠮ ᠤᠨ ᠮᠠᠲ᠋ᠧᠷᠢᠶᠠᠯ᠂ ᠢᠳᠡᠰᠢᠨ ᠮᠦᠭᠦ᠂ ᠰᠢᠬᠢᠷ ᠯᠤᠤᠪᠠᠩ ᠵᠡᠷᠭᠡ ᠣᠨᠴᠠᠯᠢᠭᠲᠤ ᠲᠠᠷᠢᠮᠠᠯ ᠲᠠᠷᠢᠬᠤ ᠲᠠᠯᠠᠪᠠᠢ 22.5 ᠲᠦᠮᠡᠨ ᠮᠦ ᠳᠤ ᠬᠦᠷᠪᠡ᠃ 94 ᠲᠦᠮᠡᠨ ᠮᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ 119.3 ᠲᠦᠮᠡᠨ ᠮᠦ ᠳᠤ ᠬᠦᠷᠴᠦ᠂ ᠠᠮᠢᠲᠠᠨ ᠤ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢ 4 ᠶᠢ ᠰᠢᠨ᠎ᠡ ᠪᠠᠷ ᠨᠡᠮᠡᠭᠳᠡᠭᠦᠯᠵᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠂ ᠲᠠᠷᠢᠶᠠᠯᠠᠩ ᠤᠨ ᠠᠰᠤᠷᠤ ᠰᠠᠶᠢᠨ ᠵᠢᠷᠤᠮᠵᠢᠭᠰᠠᠨ ᠪᠦᠲᠦᠭᠡᠭᠳᠡᠬᠦᠨ ᠢ 13  ᠶᠢ ᠰᠢᠨ᠎ᠡ ᠪᠠᠷ ᠮᠠᠭᠠᠳᠯᠠᠨ ᠲᠣᠭᠲᠠᠭᠠᠪᠠ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠤ ᠳᠤᠮᠳᠠ ᠶᠠᠰᠤ ᠴᠢᠨᠠᠷ ᠢ ᠲᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 12 ᠢ ᠬᠡᠷᠡᠭᠵᠢᠭᠦᠯᠵᠦ᠂ ᠲᠢᠶᠠᠨ ᠢᠦᠢ ᠶᠤᠸᠠᠨ ᠬᠤᠶᠠᠳᠤᠭᠠᠷ ᠬᠤᠭᠤᠴᠠᠭ᠎ᠠ᠂  ᠳ᠋ᠢᠩ ᠯᠢ ᠪᠧᠲ᠋ᠤᠨ ᠬᠤᠭᠤᠯᠠᠶ ᠶᠢᠨ ᠪᠠᠭᠠᠨ᠎ᠠ᠂ ᠫᠠᠩ ᠨᠥᠩ ᠤᠨ 1 ᠲᠦᠮᠡᠨ ᠲᠣᠨ ᠬᠠᠭᠤᠷᠠᠭᠰᠠᠨ ᠪᠠᠷᠠᠭ᠎ᠠ ᠵᠡᠷᠭᠡ 8 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠵᠦᠩ ᠺᠧ ᠬᠢᠮᠢ ᠶᠢᠨ ᠠᠵᠤ ᠦᠢᠯᠡᠳᠪᠦᠷᠢ ᠶᠢᠨ 2 ᠲᠦᠮᠡᠨ ᠲᠣᠨ ᠠᠭ᠎ᠠ  ᠶᠢᠨ ᠠᠯᠳᠧᠭᠢᠳ᠋᠂ ᠢ ᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ 15 ᠲᠦᠮᠡᠨ ᠲᠣᠨ ᠬᠠᠶᠠᠭᠳᠠᠮᠠᠯ ᠲᠣᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ 4 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ  ᠤ ᠠᠮᠤᠷ ᠲᠦᠪᠰᠢᠨ ᠤ ᠲᠦᠭᠰᠢᠭᠦᠷᠢ ᠶᠢᠨ ᠳᠡᠰ  ᠢ C ᠳᠡᠰ ᠢᠶᠠᠷ ᠮᠠᠭᠠᠳᠯᠠᠨ ᠲᠣᠭᠲᠠᠭᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 7᠂ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ 1᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 8 ᠰᠢᠨ᠎ᠡ ᠪᠠᠷ ᠨᠡᠮᠡᠭᠳᠡᠪᠡ᠃ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 6 ᠶᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠲᠤᠭ᠎ᠠ ᠬᠡᠮᠵᠢᠶ᠎ᠡ ᠨᠢ ᠪᠥᠬᠦ ᠣᠷᠣᠨ ᠤ ᠬᠤᠰᠢᠭᠤ ᠰᠢᠶᠠᠨ ᠤ ᠳᠣᠲᠤᠷ᠎ᠠ ᠲᠡᠷᠢᠭᠦᠯᠡᠪᠡ᠃ ᠦᠢᠯᠡᠴᠢᠯᠡᠭᠡᠨ ᠤ ᠦᠢᠯᠡᠰ ᠠᠭᠠᠵᠢᠮ ᠢᠶᠠᠷ ᠰᠠᠶᠢᠵᠢᠷᠠᠪᠠ᠃ ᠪᠦᠬᠦ ᠵᠢᠯ ᠳᠤ 153.2 ᠲᠦᠮᠡᠨ ᠬᠦᠮᠦᠨ ︵ᠤᠳᠠᠭ᠎ᠠ ︶ ᠤ ᠵᠤᠭᠠᠴᠠᠭᠰᠠᠳ ᠢ ᠬᠦᠯᠢᠶᠡᠨ ᠠᠪᠴᠤ᠂7.5% ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ 11.1 ᠳ᠋ᠦᠩᠰᠢᠭᠤᠷ ᠲᠥᠭᠦᠷᠢᠭ ᠲᠤ ᠬᠦᠷᠴᠦ᠂ 9.2 % ᠨᠡᠮᠡᠭᠳᠡᠪᠡ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠲᠥᠷᠥᠯ ᠵᠦᠢᠯ ᠢ 4 ᠪᠠᠶᠢᠭᠤᠯᠵᠤ᠂ ︽ᠪᠥᠬᠦ ᠣᠷᠣᠨ ᠤ ᠭᠤᠤᠯᠳᠠᠯᠭ᠎ᠠ ᠲᠠᠢ ᠪᠤᠶᠢᠵᠢᠭᠤᠯᠬᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ︾ ᠢᠶᠠᠷ ᠦᠨᠡᠯᠡᠭᠳᠡᠵᠦ᠂ ᠤᠯᠠᠭᠠᠨᠰᠤᠬᠠᠢ ᠦᠵᠡᠮᠵᠢ ᠶᠢᠨ ᠣᠷᠣᠨ ︽ᠪᠥᠬᠦ ᠣᠷᠣᠨ ᠤ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ︾ ᠪᠠᠷ ᠦᠨᠡᠯᠡᠭᠳᠡᠵᠦ᠂ ᠳ᠋ᠠ ᠵᠥᠩ ᠠᠭᠤᠷᠬᠠᠶ ᠶᠢᠨ ᠦᠢᠯᠡᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠥᠬᠦ ᠣᠷᠣᠨ ᠤ ᠠᠩᠬᠠᠳᠠᠭᠴᠢ ᠪᠦᠯᠦᠭ ︽ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠬᠢᠴᠢᠶᠡᠯ︾ ᠤᠨ ᠨᠠᠷᠡᠰ ᠢᠶᠠᠷ ᠰᠣᠩᠭᠤᠭᠳᠠᠪᠠ᠃ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠯᠡᠭᠡ ᠶᠢ 1.6 ᠳ᠋ᠦᠩᠰᠢᠭᠤᠷ ᠲᠥᠭᠦᠷᠢᠭ ᠳᠠᠶᠢᠴᠢᠯᠠᠵᠤ᠂ 8 ᠬᠡᠮᠵᠢᠶ᠎ᠡ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠰ ᠲᠤᠰ 9.5% ᠪᠠ 11.9%  ᠨᠡᠮᠡᠭᠳᠡᠵᠦ᠂ ᠪᠣᠳᠠᠲᠤ ᠴᠣᠭᠴᠠ ᠶᠢᠨ ᠠᠵᠤ ᠠᠬᠤᠶ ᠳᠤ 84.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃      ᠭᠤᠷᠪᠠ ᠳᠤ᠂ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠤ ᠳᠤᠮᠳᠠ ᠰᠠᠶᠢᠵᠢᠷᠠᠪᠠ᠃ ᠨᠤᠲᠤᠭ ᠪᠡᠯᠴᠢᠭᠡᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠲᠡᠦᠬᠡᠨ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠢᠯᠡᠳᠲᠡ ᠦᠷ᠎ᠡ ᠪᠦᠲᠦᠮᠵᠢ ᠣᠯᠵᠤ᠂ 3 ᠲᠡᠭᠰᠢ ᠳᠥᠷᠪᠡᠯᠵᠢᠨ ᠺᠢᠯᠤᠮᠧᠲᠷ ᠤᠨ ᠬᠠᠶᠠᠭᠳᠠᠮᠠᠯ ᠠᠭᠤᠷᠬᠠᠶ ᠶᠢ ᠴᠡᠭᠴᠡᠯᠡᠨ ᠵᠠᠰᠠᠵᠤ᠂ 2 ᠲᠦᠮᠡᠨ ᠮᠥ ᠡᠪᠳᠡᠭᠳᠡᠭᠰᠡᠨ ᠣᠷᠣᠨ ᠪᠦᠰᠡ ᠳᠠᠬᠢᠨ ᠠᠮᠢᠵᠢᠷᠠᠯ ᠤᠨ ᠬᠦᠴᠦᠨ ᠢᠯᠡᠷᠡᠪᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠮᠠᠰᠢᠨ ᠴᠠᠬᠢᠯᠭᠠᠨ ᠬᠤᠳᠳᠤᠭ ᠤᠰᠤ ᠴᠠᠬᠢᠯᠭᠠᠨ ᠤ ᠬᠤᠣᠰ ᠡᠵᠡᠮᠳᠡᠯ᠂ ᠭᠦᠢᠴᠡᠳ ᠪᠤᠰᠤ ᠤᠰᠤᠯᠠᠯᠲᠠ᠂ ᠴᠥᠭᠦᠷᠥᠮ ᠤᠨ ᠤᠰᠤ ᠪᠠᠷ ᠲᠤᠰᠤᠯᠭᠠᠨ ᠤᠰᠤᠯᠠᠬᠤ ᠵᠡᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠳᠣᠣᠷᠠᠬᠢ ᠤᠰᠤᠨ ᠲᠦᠪᠰᠢᠨ ᠤ ᠪᠠᠭᠤᠷᠠᠬᠤ ᠬᠡᠮᠵᠢᠶ᠎ᠡ ᠢᠯᠡᠳᠲᠡ  ᠨᠠᠮᠳᠠᠪᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠪᠠ ᠬᠠᠶᠢᠷ ᠴᠢᠯᠠᠭᠤᠨ ᠮᠠᠲ᠋ᠧᠷᠢᠶᠠᠯ  ᠤᠨ ᠲᠤᠰᠬᠠᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ  ᠶᠢ ᠪᠡᠯᠴᠢᠭᠡᠷᠯᠡᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ  ᠲᠠᠢ ᠬᠤᠯᠪᠣᠭᠳᠠᠭᠤᠯᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠨᠣᠷᠮ᠎ᠠ  60% ᠠᠴᠠ ᠳᠡᠭᠡᠭᠰᠢ  ᠪᠠᠭᠤᠷᠠᠪᠠ᠃  ᠰᠤᠬᠠᠢ  ᠲᠠᠩ ᠤᠨ  ᠪᠣᠬᠢᠷ ᠤᠰᠤ ᠶᠢ ᠲᠦᠷ ᠬᠠᠳᠠᠭᠠᠯᠠᠬᠤ ᠴᠥᠭᠦᠷᠥᠮ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠢᠨᠵᠧᠨᠧᠷᠢᠩ ᠢ ᠡᠬᠢᠯᠡᠭᠦᠯᠪᠡ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ  ᠲᠤᠰ ᠲᠤᠰ 43.5% ᠪᠠ 43.1% ᠳᠤ ᠬᠦᠷᠴᠦ᠂ ᠲᠠᠷᠢᠶᠠᠯᠠᠩ ᠤᠨ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠤᠷᠮ᠎ᠠ  85.7% ᠳᠤ ᠬᠦᠷᠪᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠬᠠᠲᠤᠨ ᠭᠤᠤᠯ ᠤᠨ ᠰᠠᠪᠠ ᠭᠠᠵᠠᠷ ᠤᠨ  ᠰᠡᠷᠡᠮᠵᠢᠯᠡᠭᠦᠯᠬᠦ ᠬᠦᠮᠦᠵᠢᠯ ᠤᠨ ᠹᠢᠯᠢᠮ  ᠤᠨ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠲᠦᠷᠪᠡ ᠳᠤ᠂ ᠬᠥᠭᠵᠢᠯᠲᠡ ᠶᠢᠨ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ 171 ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 489 ᠵᠦᠢᠯᠡᠰ ᠢ ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ ᠪᠣᠯᠭᠠᠪᠠ᠃ 12345 ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ  ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ︽  ᠲᠣᠭᠠᠴᠢᠯᠠᠯᠲᠠ ᠪᠠ ᠤᠶᠤᠨᠴᠢᠯᠠᠯᠲᠠ ᠶᠢ ᠲᠥᠪᠯᠡᠷᠡᠭᠦᠯᠬᠦ︾ ᠴᠢᠳᠠᠪᠤᠷᠢᠲᠠᠨ ᠤ ᠦᠢᠯᠡᠴᠢᠯᠡᠭᠡᠨ ᠤ ᠲᠥᠷᠥᠯ ᠵᠦᠢᠯ ︽ᠪᠦᠬᠦ ᠤᠯᠤᠰ ᠤᠨ ᠲᠣᠭᠠᠴᠢᠯᠠᠭᠰᠠᠨ ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ︾  ᠪᠠᠷ ᠦᠨᠡᠯᠡᠭᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 7 ᠦᠷ᠎ᠡ ᠠᠰᠢᠭ ᠢᠶᠠᠷ ᠳᠣᠤᠷ᠎ᠠ ᠳᠠᠭᠠᠯᠲᠠ ᠺᠣᠮᠫᠠᠨᠢ ᠶᠢ ᠰᠠᠯᠭᠠᠨ ᠭᠠᠷᠭᠠᠵᠤ ᠪᠤᠴᠠᠭᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢ ᠥᠭᠴᠡᠭᠡᠨ ᠤ ᠨᠣᠷᠮ᠎ᠠ᠂ ᠡᠵᠡᠩᠨᠡᠯᠲᠡ ᠶᠢᠨ ᠠᠰᠢᠭ ᠣᠷᠣᠯᠭ᠎ᠠ ᠵᠡᠷᠭᠡ ᠭᠦᠢᠴᠡᠳᠬᠡᠯ ᠲᠤᠭ᠎ᠠ ᠲᠣᠭᠲᠠᠭᠤᠨ ᠢᠶᠠᠷ ᠰᠠᠶᠢᠵᠢᠷᠠᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠰᠤᠮᠤ ᠪᠠᠯᠭᠠᠰᠤᠨ ᠤ ᠳᠣᠲᠣᠭᠠᠳᠤ ᠪᠠᠶᠢᠭᠤᠯᠤᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠰᠢᠯᠤᠭᠤᠳᠬᠠᠨ᠂ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠭᠢ ᠶᠢᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠦᠭᠰᠢᠭᠦᠷᠢ ᠶᠢ ᠲᠦᠪᠰᠢᠨ ᠪᠣᠯᠭᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠤᠷᠠᠳ ᠤᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠳ᠋ᠠ ᠵᠦᠩ ᠲᠣᠰᠬᠤᠨ ᠪᠠᠯᠭᠠᠰᠤ ᠶᠢᠨ ᠪᠠᠩᠬᠢ ᠰᠲ᠋ᠣᠺ ᠤᠨ ᠡᠷᠬᠡ ᠶᠢ ᠰᠢᠢᠳᠪᠦᠷᠢᠯᠡᠬᠦ ᠠᠵᠢᠯ ᠢ  ᠪᠡᠶᠡᠯᠡᠭᠦᠯᠪᠡ᠃       ᠲᠠᠪᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠬᠤᠲᠠ ᠶᠢᠨ ᠳᠦᠷᠰᠦ ᠪᠠᠶᠢᠳᠠᠯ ᠰᠢᠨ᠎ᠡ ᠪᠠᠷ ᠲᠠᠰ ᠳᠡᠪᠰᠢᠵᠦ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠢᠴᠢ ᠥᠷᠲᠡᠭᠡᠨ ᠡᠮᠦᠨᠡᠬᠢ ᠠᠭᠤᠳᠠᠮ ᠲᠠᠯᠠᠪᠠᠶ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠴᠦ᠂ ᠬᠤᠲᠠ ᠶᠢᠨ ᠰᠢᠨ᠎ᠡ ᠭᠠᠵᠠᠷ ᠤᠨ ᠲᠡᠮᠳᠡᠭ  ᠪᠣᠯᠭᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ 10.4 ᠲᠦᠮᠡᠨ ᠲᠡᠭᠰᠢ ᠳᠥᠷᠪᠡᠯᠵᠢᠨ ᠮᠧᠲᠷ ᠠᠵᠢᠯ ᠡᠬᠢᠯᠡᠭᠦᠯᠵᠦ᠂ ᠵᠢᠶᠠ ᠾᠧ ᠵᠣᠯ ᠵᠢᠷᠭᠠᠯᠲᠤ ᠣᠷᠤᠨ᠂ ᠳ᠋ᠠ ᠳ᠋ᠧ ᠨᠢᠭᠡᠳᠦᠭᠡᠷ ᠨᠤᠮᠧᠷ ᠤᠨ ᠭᠤᠷᠪᠠᠳᠤᠭᠠᠷ ᠬᠤᠭᠤᠴᠠᠭ᠎ᠠ᠂ ᠾᠧᠩ ᠢᠦᠶ ᠳᠥᠷᠪᠡᠨ ᠤᠯᠠᠷᠢᠯ ᠤᠨ ᠬᠤᠲᠠ ᠵᠡᠷᠭᠡ 5 ᠣᠷᠣᠨ ᠰᠠᠭᠤᠴᠠ ᠶᠢᠨ ᠲᠣᠭᠤᠷᠢᠭ ᠢ ᠪᠠᠶᠢᠭᠤᠯᠵᠤ᠂ 229 ᠢᠵᠢ ︽  ᠪᠠᠲᠤᠯᠭᠠᠲᠤ ᠠᠰᠠᠷ︾ ᠢ ᠲᠤᠰᠢᠶᠠᠪᠠ᠃ 10 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ 4 ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 2540 ᠡᠷᠦᠬᠡ ᠣᠯᠠᠨ ᠲᠦᠮᠡᠨ ᠳᠤ ᠠᠰᠢᠭ ᠬᠦᠷᠲᠡᠭᠡᠪᠡ᠃ 10.7 ᠺᠢᠯᠣᠮᠧᠲᠷ ᠤᠰᠤ ᠵᠠᠯᠠᠬᠤ ᠬᠤᠭᠤᠯᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠣᠷᠣᠭᠠᠨ ᠤ ᠳᠠᠷᠠᠭ᠎ᠠ ᠤᠰᠤ ᠬᠤᠷᠠᠬᠤ ᠠᠰᠠᠭᠤᠳᠠᠯ ᠢ ᠪᠦᠲᠦᠮᠵᠢᠲᠡᠢ ᠰᠠᠶᠢᠵᠢᠷᠠᠭᠤᠯᠪᠠ᠃ ᠳ᠋ᠦᠩ ᠱᠧᠩ ᠶᠡᠭᠡ ᠵᠡᠭᠡᠯᠢ ᠶᠢᠨ ᠪᠠᠷᠠᠭᠤᠨᠰᠢ ᠤᠷᠲᠤᠳᠬᠠᠭᠰᠠᠨ ᠬᠡᠰᠡᠭ᠂ ᠴᠠᠩ ᠱᠧᠩ ᠵᠡᠭᠡᠯᠢ ᠠᠴᠠ ᠰᠡᠬᠡᠭᠡᠲᠡᠨ ᠵᠠᠮ ᠬᠦᠷᠬᠦ ᠬᠤᠶᠠᠷ ᠮᠤᠬᠤᠷ ᠵᠠᠮ ᠢ ᠨᠡᠪᠲᠡᠷᠡᠭᠦᠯᠵᠦ᠂ 3.7 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠵᠠᠮ ᠢ ᠰᠢᠨᠡᠳᠬᠡᠵᠦ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ 100 ᠰᠠᠭᠤᠷᠢ᠂ 5G ᠶᠢᠨ ᠰᠠᠭᠤᠷᠢ ᠥᠷᠲᠡᠭᠡ 21 ᠶᠢ ᠰᠢᠨ᠎ᠡ ᠪᠠᠷ ᠨᠡᠮᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢ ᠲᠦᠷᠭᠡᠨ ᠲᠡᠭᠦᠯᠳᠡᠷᠵᠢᠭᠦᠯᠵᠦ᠂ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠪᠦᠬᠦᠨ ᠢ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠮᠤᠵᠢ ᠶᠢᠨ ᠵᠠᠮ 215 ᠶᠢᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ 225 ᠮᠤᠵᠢ ᠶᠢᠨ ᠵᠠᠮ  ᠪᠠ 315 ᠮᠤᠵᠢ ᠶᠢᠨ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ 200 ᠺᠢᠯᠤᠮᠧᠲᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 51.4 ᠺᠢᠯᠤᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 132 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 9229 ᠡᠷᠦᠬᠡ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠪᠡᠶᠡᠯᠡᠭᠦᠯᠪᠡ᠃ 438 ᠡᠷᠦᠬᠡ ᠶᠢᠨ ᠤᠰᠤ ᠪᠠᠷ ᠴᠡᠪᠡᠷᠰᠢᠭᠦᠯᠬᠦ ᠵᠣᠷᠯᠣᠩ ᠢ ᠰᠢᠨ᠎ᠡ ᠪᠠᠷ ᠪᠠᠶᠢᠭᠤᠯᠵᠤ᠂ 1.7 ᠲᠦᠮᠡᠨ ᠡᠷᠦᠬᠡ ᠶᠢᠨ ᠵᠣᠷᠯᠣᠩ᠂ 140 ᠨᠡᠶᠢᠲᠡ ᠶᠢᠨ ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃       ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠲᠤᠳᠬᠠᠨ ᠬᠦᠴᠦᠷᠬᠡᠭᠵᠢᠭᠦᠯᠪᠡ᠃ 79% ᠶᠢᠨ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠦ᠂ ᠠᠷᠠᠳ ᠤᠨ ᠲᠦᠯᠦᠭᠡᠯᠡᠭᠴᠢᠳ ᠤᠨ ᠪᠢᠯᠧᠲ ᠢᠶᠠᠷ ᠲᠣᠭᠲᠠᠭᠠᠭᠰᠠᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽  ᠠᠨᠠᠷ ᠤᠨ ᠦᠷ᠎ᠡ ᠰᠢᠭ ᠨᠢᠭᠲᠠᠷᠠᠨ᠂ ᠬᠦᠰᠡᠯ ᠵᠡᠭᠦᠳᠦ ᠪᠠᠨ ᠲᠡᠷᠭᠡᠯᠰᠢᠭᠦᠯᠬᠦ  ︿ᠠᠷᠪᠠᠨ ᠨᠢᠭᠡ﹀ ᠭᠤᠣᠯ ᠱᠤᠭᠤᠮ ᠤᠨ ᠢᠨᠵᠧᠨᠧᠷᠢᠩ︾  ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠳᠠᠭᠤᠤ ︽ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠶᠢ ᠵᠣᠬᠢᠶᠠᠨ ᠪᠦᠲᠦᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠠᠭᠤᠷ ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠪᠠ᠃  ︽ᠭᠤᠷᠪᠠ ᠶᠢ ᠨᠠᠶᠢᠳᠠᠪᠤᠷᠢᠵᠢᠭᠤᠯᠬᠤ ᠨᠢᠭᠡ ᠶᠢ ᠪᠠᠬᠢᠵᠢᠭᠦᠯᠬᠦ︾ ᠠᠵᠢᠯ ᠪᠣᠳᠠᠲᠤ ᠦᠷ᠎ᠡ ᠪᠦᠲᠦᠮᠵᠢ ᠣᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ 1.1 ᠳ᠋ᠦᠩᠰᠢᠭᠤᠷ ᠲᠥᠭᠦᠷᠢᠭ ᠤᠨ ᠵᠣᠯᠭᠠᠭᠤᠯᠬᠤ ᠨᠥᠬᠦᠪᠥᠷᠢ ᠪᠡᠯᠡ ᠮᠥᠩᠭᠦ ᠣᠷᠣᠭᠤᠯᠵᠤ᠂ 81 ᠬᠠᠪᠰᠤᠷᠤᠨ ᠲᠡᠳᠬᠦᠬᠦ ᠲᠦᠷᠦᠯ ᠵᠦᠢᠯ ᠢ ᠬᠡᠷᠡᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠨᠡᠩ ᠪᠠᠲᠤ ᠪᠠᠬᠢ ᠪᠣᠯᠭᠠᠪᠠ᠃ 5000 ᠲᠦᠮᠡᠨ ᠲᠥᠭᠦᠷᠢᠭ ᠤᠨ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠡᠮᠡᠴᠡᠨ ᠣᠯᠵᠤ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ᠂ ᠡᠷᠲᠡ ᠴᠢᠯᠥᠭᠡᠯᠡᠭᠳᠡᠭᠰᠡᠨ ᠣᠷᠣᠨ ᠤ ᠠᠵᠤ ᠦᠢᠯᠡᠰ ᠤᠨ ᠰᠠᠭᠤᠷᠢ ᠶᠢ ᠨᠠᠩ ᠵᠤᠵᠠᠭᠠᠳᠬᠠᠵᠤ᠂ ᠳᠣᠲᠣᠭᠠᠳᠤ ᠬᠥᠳᠡᠯᠭᠡᠬᠦ ᠬᠦᠴᠦᠨ ᠢ ᠨᠠᠩ ᠬᠦᠴᠦᠷᠬᠡᠭᠵᠢᠭᠦᠯᠪᠡ᠃  ᠠᠵᠢᠯ ᠣᠯᠭᠤᠯᠲᠠ ᠶᠢ ᠶᠡᠬᠡᠪᠡᠷ ᠠᠬᠢᠭᠤᠯᠵᠤ᠂ ᠲᠥᠪ ᠤᠨ ᠠᠵᠢᠯ ᠣᠯᠭᠤᠯᠲᠠ ᠶᠢᠨ ᠨᠥᠬᠦᠪᠥᠷᠢ ᠮᠥᠩᠭᠦ ᠶᠢ 2774 ᠲᠦᠮᠡᠨ ᠲᠥᠭᠦᠷᠢᠭ ᠲᠠᠷᠬᠠᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠢ ᠡᠬᠢᠯᠡᠭᠦᠯᠵᠦ᠂ ᠬᠤᠲᠠ ᠪᠠᠯᠭᠠᠰᠤᠨ ᠤ 962 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ 2.5 ᠲᠦᠮᠡᠨ ᠬᠥᠮᠦᠨ ᠳᠤ ᠠᠵᠢᠯ ᠣᠯᠭᠤᠪᠠ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ᠂ ᠥᠨᠥᠴᠢᠨ ᠬᠡᠦᠬᠡᠳ ᠢ ᠰᠤᠷᠤᠯᠭ᠎ᠠ ᠳᠤᠨᠢ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠬᠤ ᠶᠣᠰᠣᠲᠠᠶ ᠶᠢ ᠨᠢ ᠪᠦᠬᠦᠨ ᠢ ᠡᠳ᠋ᠯᠡᠭᠦᠯᠬᠦ ᠶᠢ ᠪᠠᠲᠤᠯᠠᠪᠠ᠃ ︽ᠨᠠᠰᠤᠲᠠᠶᠢᠴᠤᠳ ᠪᠠ ᠨᠢᠯᠬ᠎ᠠ︾ ᠶᠢ ᠨᠠᠷᠢᠨ ᠨᠢᠮᠪᠠᠶ ᠬᠠᠶᠢᠷᠠᠯᠠᠨ ᠬᠠᠮᠠᠭᠠᠯᠠᠵᠤ᠂ 109 ᠬᠡᠦᠬᠡᠳ ᠲᠤ ᠬᠡᠦᠬᠡᠳ ᠰᠠᠭᠠᠲᠠᠭᠤᠯᠬᠤ ᠪᠠᠶᠢᠷᠢ ᠣᠯᠭᠤᠵᠤ᠂ 382 ᠡᠷᠦᠬᠡ ᠳᠤ ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ ᠰᠤᠷᠭᠠᠨ ᠬᠥᠮᠦᠵᠢᠯ ᠤᠨ ᠦᠢᠯᠡᠰ ᠲᠣᠭᠲᠠᠭᠤᠨ ᠢᠶᠠᠷ ᠬᠥᠭᠵᠢᠵᠦ᠂ 25 ᠰᠤᠷᠭᠠᠭᠤᠯᠢ ᠶᠢ ᠰᠡᠯᠪᠢᠨ ᠵᠠᠰᠠᠵᠤ ᠥᠭᠡᠷᠡᠴᠢᠯᠡᠬᠦ ᠶᠢ ᠪᠡᠶᠡᠯᠡᠭᠦᠯᠵᠦ᠂ 40 ᠰᠤᠷᠭᠠᠭᠤᠯᠢ ᠶᠢᠨ ᠪᠠᠶᠢᠷᠢ ᠭᠠᠯ ᠤᠨᠲᠠᠷᠠᠭᠠᠬᠤ ᠰᠢᠯᠭᠠᠯᠲᠠ ᠶᠢ ᠥᠩᠭᠡᠷᠡᠭᠡᠪᠡ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠶᠢᠷᠢ ᠶᠢᠨ ᠠᠰᠠᠷ᠂ ᠬᠤᠭᠤᠯᠠᠨ ᠭᠡᠷ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠲᠠᠪᠤᠳᠤᠭᠠᠷ ᠬᠡᠦᠬᠡᠳ ᠤᠨ ᠴᠡᠴᠡᠷᠯᠢᠭ ᠢ ᠥᠭᠡᠷᠡᠴᠢᠯᠡᠨ ᠪᠠᠶᠢᠭᠤᠯᠵᠤ᠂ 7 ᠰᠢᠶᠠᠩ ᠪᠠᠯᠭᠠᠰᠤᠨ ᠤ ᠪᠠᠭ᠎ᠠ ᠬᠡᠪᠴᠢᠶᠡᠲᠦ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠬᠠᠰᠤᠵᠤ ᠨᠡᠶᠢᠯᠡᠭᠦᠯᠪᠡ᠃ 96 ᠪᠠᠭᠰᠢ ᠶᠢ ᠢᠯᠡ ᠪᠠᠷ ᠤᠷᠢᠪᠠ᠃ ᠵᠢᠷᠭᠤᠳᠤᠭᠠᠷ ᠳᠤᠮᠳᠠᠳᠤ ᠰᠤᠷᠭᠠᠭᠤᠯᠢ ᠪᠥᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃ ᠡᠷᠡᠭᠦᠯ ᠡᠩᠬᠡ ᠤᠷᠠᠳ ᠤᠨ ᠡᠮᠦᠨᠡᠲᠦ ᠬᠤᠰᠢᠭᠤᠨ ᠤ ᠪᠦᠲᠦᠭᠡᠨ ᠪᠠᠢᠭᠤᠯᠤᠯᠲᠠ ᠡᠮᠬᠢ ᠵᠢᠷᠤᠮ ᠲᠠᠢ ᠶᠠᠪᠤᠭᠳᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ ᠡᠮᠨᠡᠯᠭᠡ ᠶᠢᠨ ᠲᠣᠮᠣ ᠠᠰᠠᠷ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠪᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠪᠦᠲᠦᠮᠵᠢᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠭᠥᠷᠳᠡᠬᠦ ᠶᠢ ᠨᠠᠩ ᠳᠥᠭᠦᠮ ᠳᠥᠲᠡ ᠪᠣᠯᠭᠠᠪᠠ᠃ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠪᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠵᠦ᠂ ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠᠶᠢᠭᠤᠯᠤᠭᠳᠠᠭᠰᠠᠨ 55 ᠵᠢᠯ ᠤᠨ ᠣᠢ ᠶᠢ ᠳᠤᠷᠠᠰᠬᠠᠬᠤ ᠪᠠᠶᠢᠯᠳᠤᠭᠴᠢ ︵ᠰᠡᠬᠡᠭᠡᠲᠡᠨ ᠵᠠᠯᠠᠭᠤᠴᠤᠳ︶ ᠨᠤᠲᠤᠭ ᠲᠠᠭᠠᠨ ᠪᠤᠴᠠᠬᠤ᠂ ᠨᠠᠢᠮᠠᠳᠤᠭᠠᠷ ᠬᠤᠭᠤᠴᠠᠭᠠᠨ ᠤ ᠪᠠᠷᠠᠭᠤᠨ ᠣᠷᠣᠨ ᠤ ᠠᠷᠠᠳ ᠤᠨ ᠳᠠᠭᠤᠤ ᠬᠥᠭᠵᠢᠮ ᠤᠨ ᠴᠤᠭᠯᠠᠭᠠᠨ ᠬᠢᠭᠡᠳ ᠮᠤᠨᠠ ᠠᠭᠤᠯᠠ ᠶᠢᠨ ᠳᠠᠭᠤᠤ ᠬᠥᠭᠵᠢᠮ ᠤᠨ ᠨᠠᠭᠠᠳᠤᠮ ᠵᠡᠷᠭᠡ ᠴᠢᠬᠤᠯᠠ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ᠤᠯᠠᠭᠠᠨᠰᠤᠬᠠᠢ︾ ᠭᠡᠬᠦ  ᠪᠦᠵᠢᠭᠲᠦ ᠳᠠᠭᠤᠷᠢ ᠶᠢ ᠵᠤᠬᠢᠶᠠᠨ ᠪᠦᠲᠦᠭᠡᠵᠦ ᠭᠠᠷᠭᠠᠪᠠ᠃ ︽  ᠠᠶᠠᠯᠭᠤᠲᠤ ᠵᠢᠭᠤᠯᠴᠢᠯᠠᠯ ᠥᠪᠥᠷ ᠮᠣᠩᠭᠤᠯ ︾ ᠨᠡᠷᠡᠲᠦ ᠲᠡᠮᠲᠡᠭᠲᠦ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠤᠮᠠᠷᠠᠲᠤ ᠬᠢᠯᠢ ᠶᠢᠨ ᠰᠣᠶᠣᠯ ᠤᠨ ᠬᠥᠭᠵᠢᠯᠲᠡ ᠶᠢᠨ ᠰᠤᠳᠤᠯᠭᠠᠨ ᠤ ᠲᠥᠪ ᠢ  ᠪᠠᠶᠢᠭᠤᠯᠵᠤ᠂ ︽  ᠬᠤᠨ ᠭᠠᠯᠠᠭᠤ ᠡᠮᠦᠨᠡᠰᠢ ᠨᠢᠰᠬᠦ︾  ᠰᠢᠷᠢᠰ ᠠᠵᠢᠯᠯᠠᠭ᠎ᠠ ᠭᠤᠶᠢᠲᠠ ᠰᠠᠶᠢᠬᠠᠨ  ᠶᠠᠪᠤᠭᠳᠠᠪᠠ᠃ ᠨᠣᠮ ᠤᠨ ᠰᠠᠩ ᠤᠯᠤᠰ ᠤᠨ ᠨᠢᠭᠡᠳᠦᠭᠡᠷ ᠳᠡᠰ ᠤᠨ ᠨᠣᠮ ᠤᠨ ᠰᠠᠩ ᠢᠶᠠᠷ ᠦᠨᠡᠯᠡᠭᠳᠡᠪᠡ᠃ ︽ᠤᠷᠠᠳ ᠤᠨ ᠡᠮᠦᠨᠡᠲᠦ  ᠬᠤᠰᠢᠭᠤᠨ ᠤ ᠣᠶᠢᠯᠠᠯᠭ᠎ᠠ︾ ᠬᠤᠶᠠᠳᠤᠭᠠᠷ ᠡᠭᠡᠯᠵᠢ ᠶᠢᠨ ᠵᠠᠰᠠᠪᠤᠷᠢ ᠣᠷᠣᠭᠤᠯᠬᠤ ᠠᠵᠢᠯ ᠢᠶᠠᠨ  ᠳᠠᠭᠤᠰᠬᠠᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠶᠡᠭᠡ ᠰᠢᠭᠡᠲᠡᠢ ᠤᠰᠤᠨ ᠴᠥᠭᠦᠷᠥᠮ᠂ ᠠᠭᠤᠯᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠢ ᠬᠡᠷᠡᠭᠵᠢᠭᠦᠯᠵᠦ᠂ ᠦᠶᠡᠷ ᠤᠰᠤᠲᠤᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 6290 ᠡᠯ᠎ᠡ ᠲᠦᠷᠦᠯ ᠤᠨ ᠠᠮᠤᠷ ᠲᠦᠪᠰᠢᠨ ᠤ ᠳᠠᠯᠳᠠ ᠭᠡᠮ ᠢ  ᠠᠷᠢᠯᠭᠠᠵᠤ᠂ ᠡ᠊ᠨᠳᠡᠯ ᠭᠠᠷᠤᠭᠰᠠᠨ ᠲᠤᠭ᠎ᠠ 50% ᠪᠠᠷ ᠪᠠᠭᠤᠷᠠᠪᠠ᠃ ᠨᠡᠶᠢᠭᠡᠮ ᠤᠨ ᠠᠮᠤᠷ ᠲᠥᠪᠰᠢᠨ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠠᠶᠢᠪᠠ᠃     ᠳᠣᠯᠤᠭ᠎ᠠ ᠳᠤ᠂ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠵᠠᠰᠠᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠰᠢᠮᠳᠠᠭᠤᠯᠤᠨ ᠪᠠᠶᠢᠴᠠᠭᠠᠵᠤ ᠬᠢᠨᠠᠨ  ᠪᠣᠳᠤᠨ ᠬᠠᠷᠢᠭᠤ ᠲᠤᠰᠬᠠᠭᠰᠠᠨ ᠠᠰᠠᠭᠤᠳᠠᠯ ᠢ ᠪᠦᠲᠦᠮᠵᠢᠲᠡᠢ ᠴᠡᠭᠴᠡᠯᠡᠨ ᠰᠠᠶᠢᠵᠢᠷᠠᠭᠤᠯᠪᠠ᠃ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 51ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠥᠭᠡᠯᠡᠭᠴᠢ ᠶᠢᠨ ᠰᠠᠨᠠᠭᠤᠯᠭ᠎ᠠ᠂ 70 ᠬᠤᠪᠢ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠨ ᠬᠠᠷᠢᠭᠤᠯᠲᠠ ᠥᠭᠪᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠠᠯᠪᠠᠨ ᠤ ᠭᠤᠷᠪᠠᠨ︾ ᠵᠠᠷᠤᠳᠠᠯ ᠪᠠ ᠵᠠᠶᠢᠯᠠᠰᠢ ᠦᠭᠡᠢ ᠪᠤᠰᠤ ᠵᠠᠷᠤᠯᠭ᠎ᠠ ᠲᠤᠰ ᠪᠦᠷᠢ 4.7% ᠪᠠ 18.7%  ᠪᠠᠭᠤᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠦᠨᠳᠦᠰᠦᠲᠡᠨ ᠱᠠᠰᠢᠨ ᠰᠤᠷᠲᠠᠬᠤᠨ᠂ ᠬᠢᠨᠠᠨ ᠪᠤᠳᠤᠬᠤ ᠲᠤᠭ᠎ᠠ ᠪᠦᠷᠢᠳᠬᠡᠯ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠤᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠰᠢᠨ᠎ᠡ ᠳᠠᠪᠰᠢᠯᠲᠠ ᠶᠢ ᠪᠡᠶᠡᠯᠡᠭᠦᠯᠵᠦ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠨᠢᠭᠡᠴᠢ᠂ ᠡᠯ᠎ᠡ ᠠᠵᠤ ᠠᠬᠤᠶᠢᠯᠠᠯ ᠴᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃      ᠲᠥᠯᠥᠭᠡᠯᠡᠭᠴᠢᠳ ᠡ︕  ᠡᠭᠦᠷᠭᠡ ᠬᠠᠷᠢᠭᠤᠴᠠᠯᠭ᠎ᠠ ᠨᠢ ᠵᠢᠳᠭᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ᠂  ᠪᠤᠳᠠᠲᠠᠢ ᠠᠵᠢᠯᠯᠠᠪᠠᠯ ᠭᠡᠷᠡᠯ ᠰᠠᠴᠤᠷᠠᠩᠭᠤᠢ ᠢᠷᠡᠭᠡᠳᠦᠢ ᠶᠢ ᠴᠤᠭᠴᠠᠯᠠᠨ᠎ᠠ᠃ ᠨᠢᠭᠡ ᠵᠢᠯ ᠤᠨ ᠲᠤᠷᠰᠢ᠂ ᠬᠦᠴᠢᠷᠳᠡᠯ ᠪᠠ ᠵᠥᠷᠢᠴᠡᠯ ᠰᠣᠯᠪᠢᠴᠠᠨ ᠳᠠᠪᠬᠤᠴᠠᠭᠰᠠᠨ ᠪᠠᠶᠢᠳᠠᠯ ᠤᠨ ᠡᠮᠦᠨ᠎ᠡ ᠂ ᠪᠢᠳᠡ ᠪᠦᠯᠬᠦᠮᠳᠡᠨ ᠨᠢᠭᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠳᠠᠶᠢᠯᠠᠯᠳᠤᠭᠠᠨ  ᠪᠦᠬᠦᠨ ᠶᠢ ᠢᠯᠠᠵᠤ᠂ ᠳᠠᠪᠠᠭ᠎ᠠ ᠪᠦᠬᠦᠨ ᠢ ᠲᠤᠭᠤᠯᠵᠤ᠂ ᠨᠢᠭᠡ ᠪᠦᠯᠦᠭ ᠬᠥᠭᠵᠢᠯᠲᠡ ᠶᠢ ᠬᠠᠷᠰᠢᠯᠠᠵᠤ ᠪᠠᠶᠢᠭ᠎ᠠ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠰᠠᠭᠤᠷᠢ ᠶᠢ ᠲᠠᠯᠪᠢᠬᠤ ᠂ ᠠᠯᠤᠰ ᠬᠡᠳᠦ ᠳᠤ ᠠᠰᠢᠭᠲᠠᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠵᠤ᠂ ᠨᠢᠭᠡ ᠪᠦᠯᠦᠭ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠵᠣᠪᠠᠨᠢᠯ ᠢ ᠰᠢᠢᠳᠪᠦᠷᠢᠯᠡᠭᠰᠡᠨ ᠰᠠᠶᠢᠨ ᠶᠠᠪᠤᠳᠠᠯ ᠪᠣᠳᠠᠲᠤ ᠶᠠᠪᠤᠳᠠᠯ ᠢ  ᠪᠦᠲᠦᠭᠡᠪᠡ᠃ ᠡᠲᠡᠭᠡᠷ ᠠᠮᠵᠢᠯᠲᠠ ᠶᠢ ᠣᠯᠤᠭᠰᠠᠨ ᠤ ᠦᠨᠳᠦᠰᠦᠨ ᠰᠢᠯᠲᠠᠭᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠨ᠎ᠠ᠂ ᠮᠦᠨᠴᠦ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠶᠢᠨ ᠠᠴᠢ ᠬᠤᠯᠪᠣᠭᠳᠠᠯ ᠠᠴᠠ ᠪᠣᠯᠵᠣ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠠᠴᠠ ᠪᠣᠯᠤᠭᠰᠠᠨ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠤᠷᠠᠳ ᠤᠨ ᠡᠮᠦᠨᠡᠲᠦ ᠬᠤᠰᠢᠭᠤᠨ ᠤ ᠬᠥᠭᠵᠢᠯᠲᠡ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠦᠲᠦᠮᠵᠢ ᠶᠢ ᠨᠤᠲᠠᠯᠠᠭᠤᠰᠢᠲᠠᠶ᠂ ᠠᠰᠠᠭᠤᠳᠠᠯ ᠢ ᠨᠠᠩ ᠴᠢᠬᠤᠯᠠᠴᠢᠯᠠᠬᠤ ᠬᠡᠷᠡᠭᠲᠡᠶ᠃  ᠪᠢᠳᠠ ᠰᠡᠷᠭᠡᠭ ᠢᠶᠠᠷ ᠣᠯᠵᠤ ᠲᠠᠨᠢᠭᠰᠠᠨ ᠨᠢ᠂ ᠬᠥᠭᠵᠢᠯᠲᠡ ᠶᠢᠨ ᠶᠠᠪᠤᠴᠠ ᠳᠤ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ ᠣᠷᠣᠰᠢᠵᠤ ᠪᠠᠶᠢᠨ᠎ᠠ᠄ ᠨᠢᠭᠡ ᠳᠤ  ᠠᠵᠤ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢᠨ ᠰᠠᠭᠤᠷᠢ ᠪᠠᠰᠠ ᠲᠣᠭᠲᠠᠭᠤᠨ ᠪᠤᠰᠤ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠬᠢᠷᠢ ᠲᠦᠪᠰᠢᠨ ᠳᠣᠤᠷ᠎ᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠣᠬᠤᠷ᠂ ᠨᠡᠮᠡᠯᠲᠡ ᠥᠷᠲᠡᠭ ᠳᠣᠤᠷ᠎ᠠ᠂  ᠠᠵᠤ ᠠᠬᠤᠶᠢᠯᠠᠯ ᠤᠨ ᠪᠦᠬᠦ ᠲᠠᠯ᠎ᠠ ᠶᠢᠨ ᠡᠵᠡᠩᠨᠡᠯᠲᠡ ᠬᠦᠴᠢᠷᠳᠡᠯ ᠲᠠᠢ︔ ᠦᠢᠯᠡᠴᠢᠯᠡᠭᠡᠨ ᠤ ᠦᠢᠯᠡᠰ ᠤᠨ ᠳᠡᠰ ᠳᠠᠪᠬᠤᠷᠭ᠎ᠠ ᠥᠨᠳᠥᠷ ᠪᠢᠰᠢ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ ᠳᠤ ᠪᠠᠰᠠ ᠳᠠᠯᠳᠠ ᠬᠦᠴᠦᠨ ᠢ ᠠᠭᠤᠳᠠᠯᠬᠤ ᠴᠢᠬᠤᠯᠠᠲᠠᠶ᠃ ᠬᠤᠶᠠᠷ ᠲᠤ᠂ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠲᠤᠯᠭᠠᠭᠤᠷᠢᠯᠠᠬᠤ ᠬᠦᠴᠦᠨ ᠢᠶᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠳᠤᠲᠠᠮᠠᠭ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠪᠠᠭᠤᠷᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠪᠣᠳᠠᠲᠠᠢ ᠳᠤ  ᠨᠠᠶᠢᠳᠠᠪᠤᠷᠢᠵᠢᠭᠤᠯᠬᠤ ᠨᠢ ᠬᠦᠴᠢᠷᠳᠡᠯ ᠲᠠᠢ᠃ ᠭᠤᠷᠪᠠ ᠳᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠥᠷᠢᠲᠦᠯ ᠨᠡᠯᠢᠶᠡᠳ ᠣᠯᠠᠨ ᠪᠠᠶᠢᠵᠤ᠂ ᠰᠤᠷᠭᠠᠨ ᠬᠥᠮᠦᠵᠢᠯ ᠡᠮ ᠡᠮᠨᠡᠯᠭᠡ᠂ ᠬᠡᠤᠬᠡᠳ ᠰᠠᠭᠠᠲᠠᠭᠤᠯᠬᠤ ᠨᠠᠰᠤᠵᠢᠯ ᠤᠨ ᠠᠰᠠᠷᠠᠮᠵᠢ᠂ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠠᠷᠠᠳ ᠣᠯᠠᠨ ᠤ ᠬᠦᠰᠡᠯ ᠡᠷᠡᠮᠡᠯᠵᠡᠯ ᠠᠴᠠ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠭᠰᠠᠭᠠᠷ᠃ ᠲᠦᠷᠪᠡ ᠳᠤ᠂ ᠬᠥᠭᠵᠢᠯᠲᠡ ᠶᠢᠨ ᠣᠷᠴᠢᠨ ᠲᠣᠭᠤᠷᠢᠨ ᠢ ᠪᠠᠰᠠ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠢ᠂ ᠠᠮᠢ ᠠᠬᠤᠢ ᠶᠢᠨ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠬᠢᠵᠠᠭᠠᠷ ᠲᠠᠢ᠂ ᠭᠠᠵᠠᠷ᠂ ᠤᠰᠤ᠂ ᠡᠨᠧᠷᠭᠢ ᠵᠡᠷᠭᠡ ᠡᠬᠢ ᠪᠠᠶᠠᠯᠢᠭ ᠤᠨ ᠡᠯᠧᠮᠧᠨ᠋ᠲ ᠤᠨ ᠬᠢᠵᠠᠭᠠᠷᠯᠠᠯ ᠤᠨ ᠪᠣᠭᠤᠮᠢ ᠶᠢ ᠲᠦᠷᠭᠡᠨ  ᠰᠢᠢᠳᠪᠦᠷᠢᠯᠡᠬᠦ ᠴᠢᠬᠤᠯᠠ ᠲᠠᠢ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠪᠠᠰᠠ ᠵᠥᠷᠢᠶ᠎ᠡ ᠲᠠᠢ ᠪᠠᠶᠢᠨ᠎ᠠ᠃ ᠲᠠᠪᠤ ᠳᠤ᠂ ᠰᠤᠷᠲᠠᠯ ᠤᠨ ᠬᠤᠪᠢᠷᠠᠭᠤᠯᠤᠯᠲᠠ  ᠬᠦᠷᠦᠯᠴᠡᠬᠦ ᠦᠭᠡᠢ ᠪᠠᠶᠢᠵᠤ᠂ ᠬᠡᠰᠡᠭ ᠺᠠᠳ᠋ᠷ ᠤᠳ ᠠᠵᠢᠯ ᠢ ᠨᠠᠶᠢᠳᠠᠪᠤᠷᠢᠵᠢᠭᠤᠯᠬᠤ  ᠳᠤ 《 ᠳᠤᠲᠠᠭᠤ ᠳᠤᠷᠭᠤᠨ ᠬᠢᠬᠦ᠂  ᠠᠯᠭᠤᠷ ᠤᠳᠠᠭᠠᠨ ᠬᠢᠬᠦ》ᠠᠰᠠᠭᠤᠳᠠᠯ ᠢ ᠬᠠᠷᠠᠬᠠᠨ ᠦᠨᠳᠦᠰᠦ ᠠᠴᠠ ᠨᠢ ᠠᠷᠢᠯᠭᠠᠵᠤ ᠴᠢᠳᠠᠭᠠᠳᠤᠶ᠂ ᠰᠡᠳᠬᠢᠬᠦᠶ ᠶᠢᠨ ᠠᠷᠭ᠎ᠠ ᠬᠡᠯᠪᠡᠷᠢ᠂ ᠣᠶᠤᠨ ᠰᠠᠨᠠᠭᠠᠨ ᠤ ᠪᠠᠶᠢᠳᠠᠯ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠᠰᠠ ᠰᠢᠨ᠎ᠡ ᠪᠠᠶᠢᠳᠠᠯ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠵᠤ ᠴᠢᠳᠠᠭᠠᠳᠤᠢ ᠪᠠᠶᠢᠨ᠎ᠠ ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠰᠠᠶᠢᠵᠢᠷᠠᠭᠤᠯᠤᠨ ᠳᠡᠭᠡᠭᠰᠢᠯᠡᠭᠦᠯᠬᠦ ᠳᠤᠮᠳᠠ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ  ᠪᠠᠷ ᠴᠢᠷᠮᠠᠶᠢᠨ᠎ᠠ᠃                                  ᠬᠤᠶᠠᠷ᠂ 2025 ᠣᠨ ᠤ ᠠᠵᠢᠯ ᠤᠨ ᠭᠤᠣᠯᠳᠠᠯᠭ᠎ᠠ         2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠭᠡᠯ ᠤᠨ ᠵᠢᠯ ᠪᠣᠯᠤᠨ᠎ᠠ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠭᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠠᠴᠠ ᠪᠥᠬᠦ ᠵᠢᠯ ᠤᠨ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠦ᠂ ᠪᠢᠳᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ  ᠬᠢᠬᠦ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠪᠢᠳᠡ ᠡᠷᠴᠢ ᠵᠣᠷᠢᠭ ᠢᠶᠠᠨ ᠬᠦᠪᠴᠢᠯᠡᠵᠦ᠂  ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠨᠢᠭᠡ ᠪᠠᠷ ᠰᠠᠶᠢᠲᠤᠷ ᠠᠳᠬᠤᠨ ᠨᠠᠶᠢᠳᠠᠪᠤᠷᠢᠵᠢᠭᠤᠯᠤᠨ᠎ᠠ᠃      ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠨᠡᠭᠡᠭᠡᠨ᠂ ᠳᠤᠮᠳᠠ ᠶᠢᠨ ᠲᠦᠪᠰᠢᠨ ᠳᠤ ᠣᠷᠣᠬᠤ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠥᠨᠳᠥᠷ ᠲᠠᠪᠤᠨ ᠣᠷᠣᠨ︾ ᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂   ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠤᠨ᠂  ᠴᠢᠨᠠᠷ ᠰᠠᠶᠢᠲᠠᠶ ᠬᠥᠭᠵᠢᠯᠲᠡ ᠶᠢᠨ ︽ᠳᠥᠷᠪᠡᠨ ᠰᠢᠪᠲᠤᠯᠤᠯᠲᠠ︾ ᠶᠢ ᠴᠢᠷᠮᠠᠶᠢᠨ ᠪᠡᠶᠡᠯᠡᠭᠦᠯᠵᠦ᠂ ᠬᠠᠮᠲᠤ ᠪᠠᠷ ᠴᠡᠴᠡᠭᠯᠡᠨ ᠬᠥᠭᠵᠢᠬᠦ ︽ᠳᠥᠷᠪᠡᠨ ᠪᠦᠲᠦᠭᠡᠨ ᠪᠠᠶᠢᠭᠤᠯᠬᠤ︾ ᠶᠢ ᠰᠠᠶᠢᠲᠤᠷ ᠠᠳᠬᠤᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠳᠥᠷᠪᠡ ᠶᠢ ᠳᠡᠭᠡᠭᠰᠢᠯᠡᠭᠦᠯᠬᠦ︾ ᠶᠢ  ᠠᠬᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠬᠥᠭᠡᠭᠡᠵᠦ  ᠭᠦᠢᠴᠡᠨ ᠳᠠᠪᠠᠭ᠋ᠤ᠂ ᠪᠣᠬᠢᠷᠲᠤᠯ ᠥᠬᠡᠶ ᠬᠥᠭᠵᠢᠨ ᠮᠠᠨᠳᠤᠬᠤ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠡᠷᠡᠯᠬᠡᠭᠯᠡᠨ ᠲᠡᠮᠡᠴᠡᠵᠦ᠂ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃     ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠳᠡᠭᠡᠷ᠎ᠡ ᠵᠢᠯ ᠤᠨ ᠬᠢ ᠲᠠᠢ ᠠᠳᠠᠯᠢ ᠪᠠᠷᠢᠮᠵᠢᠶ᠎ᠠ ᠪᠠᠷ ᠪᠠᠲᠤᠯᠠᠨ᠎ᠠ ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 3.5%  ᠣᠷᠴᠢᠮ  ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ  ᠪᠠᠶᠢᠯᠭᠠᠨ᠎ᠠ᠃  ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠪᠦᠬᠦ ᠣᠷᠣᠨ ᠤ ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠬᠤᠰᠢᠭᠤ ᠰᠢᠶᠠᠨ ᠤ ᠳᠤᠮᠳᠠ ᠳᠡᠭᠡᠳᠦ ᠤᠷᠤᠰᠬᠠᠯ ᠳᠤ ᠴᠢᠷᠮᠠᠶᠢᠨ ᠣᠷᠤᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠪᠠ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃     ︵ᠨᠢᠭᠡ︶ ᠠᠵᠤ ᠦᠢᠯᠡᠰ ᠤᠨ ᠳᠡᠰ ᠳᠡᠪᠰᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢᠨ ᠦᠷᠭᠦᠯᠵᠢᠯᠡᠨ ᠬᠤᠪᠢᠷᠠᠬᠤ ᠶᠢ ᠠᠬᠢᠭᠤᠯᠤᠨ᠎ᠠ᠃ ᠬᠠᠳᠠᠭᠠᠯᠠᠮᠵᠢ ᠶᠢ ᠰᠢᠯᠢᠳᠡᠭᠵᠢᠭᠦᠯᠬᠦ ᠪᠠ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠬᠥᠭᠵᠢᠭᠦᠯᠵᠦ᠂ ᠪᠦᠲᠦᠴᠡ ᠨᠢ ᠵᠦᠶ ᠵᠣᠬᠢᠰᠲᠠᠶ ᠂ ᠬᠥᠳᠡᠯᠭᠡᠬᠦ ᠡᠨᠧᠷᠭᠢ ᠪᠠᠷ ᠦᠷᠭᠦᠯᠵᠢᠯᠡᠭᠰᠡᠨ᠂ ᠥᠷᠢᠰᠥᠯᠳᠦᠬᠦ ᠬᠦᠴᠦᠨ ᠢᠶᠠᠷ ᠴᠢᠩᠭ᠎ᠠ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃      ᠨᠢᠭᠡ ᠳᠤ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠳᠣᠪᠤᠶᠢᠯᠭᠠᠵᠤ᠂ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠬᠦ᠂ ᠣᠨᠴᠠᠯᠢᠭ ᠢ ᠴᠢᠩᠭᠠᠳᠬᠠᠬᠤ᠂ ᠬᠡᠪᠴᠢᠶ᠎ᠡ ᠶᠢ ᠥᠷᠭᠡᠳᠬᠡᠬᠦ ᠪᠠᠷ  ᠬᠦᠴᠦᠯᠡᠨ᠂ ᠮᠠᠯ ᠠᠵᠤ ᠠᠬᠤᠶ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ  ᠪᠠᠳᠠᠷᠠᠭᠤᠯᠤᠨ᠂ ᠮᠠᠯᠴᠢᠨ ᠲᠠᠷᠢᠶᠠᠴᠢᠨ ᠤ ᠠᠮᠤᠷ ᠲᠠᠶᠢᠪᠤᠩ ᠠᠵᠤ ᠲᠦᠷᠦᠭᠦ ᠶᠢ ᠪᠦᠲᠦᠮᠵᠢᠲᠡᠶ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠨ᠎ᠠ᠃ ᠬᠠᠲᠤᠨ ᠭᠤᠤᠯ ᠤᠨ ᠤᠰᠤᠯᠠᠯᠲᠠ ᠶᠢᠨ ᠣᠷᠣᠨ ᠤ ᠰᠠᠭᠤᠷᠢ ᠨᠢ ᠪᠠᠭᠤᠷᠠᠶ ᠭᠠᠵᠠᠷ ᠢᠶᠠᠷ ᠭᠤᠤᠯᠳᠠᠯᠭ᠎ᠠ ᠪᠣᠯᠭᠠᠨ᠂ ︽ᠶᠡᠬᠡᠪᠡᠷ ᠡᠪᠳᠡᠵᠦ ᠶᠡᠬᠡᠪᠡᠷ ᠪᠠᠶᠢᠭᠤᠯᠬᠤ᠂ ᠲᠥᠪᠯᠡᠷᠡᠭᠦᠯᠦᠨ ᠵᠠᠯᠭᠠᠯᠳᠤᠭᠤᠯᠬᠤ︾ ᠵᠠᠷᠴᠢᠮ ᠤᠨ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 24 ᠲᠦᠮᠡᠨ ᠮᠦ᠂ ᠬᠤᠵᠢᠷᠯᠢᠭ ᠭᠠᠵᠠᠷ ᠢ 8 ᠲᠦᠮᠡᠨ ᠮᠦ ᠪᠦᠲᠦᠭᠡᠨ  ᠪᠠᠶᠢᠭᠤᠯᠬᠤ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ ︽ᠰᠠᠶᠢᠨ ᠲᠠᠷᠢᠶᠠᠨ ᠭᠠᠵᠠᠷ ᠤᠨ ᠠᠮᠤ ᠪᠤᠳᠠᠭᠠᠨ ᠤ ᠬᠡᠷᠡᠭᠯᠡᠯᠲᠡ︾ ᠶᠢ ᠪᠠᠷᠢᠮᠲᠠᠯᠠᠵᠤ᠂ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ 145 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂  ᠠᠮᠤ ᠲᠣᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂  ᠪᠦᠬᠦ ᠤᠯᠤᠰ ᠤᠨ ᠠᠩᠬᠠᠳᠠᠭᠴᠢ ᠰᠢᠶᠠᠨ ᠤ ᠬᠡᠪᠴᠢᠶᠡᠨ ᠤ ︽  ᠵᠠᠭᠤᠨ ᠲᠦᠮᠡᠨ ᠮᠤ᠋ ᠲᠣᠨ ᠠᠮᠤ  ᠪᠤᠳᠠᠭ᠎ᠠ ᠲᠠᠷᠢᠬᠤ ᠲᠠᠷᠢᠶ᠎ᠠ︾ ᠶᠢᠨ ᠵᠢᠱᠢᠶ᠎ᠡ ᠦᠵᠡᠭᠦᠯᠬᠦ ᠣᠷᠤᠨ ᠢ ᠪᠠᠶᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ ︽ᠬᠦᠷᠢᠶᠡᠯᠡᠩ︾ ᠤᠨ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃ ︽ᠨᠢᠭᠡ ᠲᠣᠭᠤᠷᠢᠭ ᠬᠤᠶᠠᠷ ᠪᠦᠰᠡ︾ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠸᠠ ᠮᠧᠩ ᠬᠤᠨᠴᠢᠷ᠂ ᠰᠢᠶᠠᠨ ᠹᠧᠩ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ᠂ ᠰᠢᠨ ᠠᠨ ᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ 7  ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠶᠡᠭᠡ ᠰᠢᠭᠡᠲᠡᠢ ᠶᠢᠨ ᠲᠦᠮᠡᠨ ᠮᠦ ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠦᠷᠢᠶᠡᠯᠡᠩ ᠪᠣᠯᠭᠠᠬᠤ ᠪᠠᠷ ᠴᠢᠷᠮᠠᠶᠢᠨ᠎ᠠ᠃  ᠲᠦᠬᠦᠭᠡᠷᠦᠮᠵᠢᠲᠦ ᠲᠠᠷᠢᠶᠠᠯᠠᠩ ᠢ 2000 ᠮᠥ ᠰᠢᠨ᠎ᠡ ᠪᠠᠷ ᠨᠡᠮᠡᠭᠳᠡᠭᠦᠯᠦᠨ᠎ᠡ᠃ ᠠᠯᠠᠰᠢᠨ ᠬᠤᠨᠢ ᠠᠯᠠᠰᠢᠨ ᠦᠬᠡᠷ ᠤᠨ ᠣᠶᠤᠨᠴᠢ ᠮᠠᠯᠵᠢᠯ ᠤᠨ ᠲᠠᠯᠠᠪᠠᠶ ᠶᠢ ᠥᠭᠡᠷᠡᠴᠢᠯᠡᠬᠦ᠂ ᠲᠥᠬᠦᠭᠡᠷᠦᠮᠵᠢᠲᠦ ᠮᠠᠯ ᠠᠵᠤ ᠠᠬᠤᠶ ᠶᠢᠨ ᠭᠠᠷᠭᠠᠯᠲᠠ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 2 ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠮᠢᠬᠠᠨ ᠤ ᠵᠦᠢᠯ ᠤᠨ ᠭᠠᠷᠤᠯᠲᠠ ᠶᠢ 7 ᠲᠦᠮᠡᠨ ᠲᠣᠨ ᠠᠴᠠ ᠳᠡᠭᠡᠭᠰᠢ ᠳᠤ ᠲᠤᠭᠲᠠᠪᠤᠷᠢᠵᠢᠭᠤᠯᠤᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠰᠠᠭᠠᠯᠢ ᠶᠢᠨ ᠦᠨᠢᠶ᠎ᠡ  ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ 4.5 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠧᠩ ᠨᠢᠤ᠂ ᠣᠲᠣ ᠦᠶ᠎ᠡ ᠶᠢᠨ ᠮᠠᠯ ᠠᠵᠤ ᠠᠬᠤᠶ ᠵᠡᠷᠭᠡ ᠬᠥᠲᠥᠴᠢ ᠠᠵᠤ ᠠᠬᠤᠶᠢᠯᠠᠯ ᠤᠨ ᠪᠢᠰᠢᠯᠠᠭ᠂ ᠰᠦᠨ ᠲᠠᠯᠬ᠎ᠠ ᠵᠡᠷᠭᠡ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠢ ᠢᠵᠢ ᠪᠥᠷᠢᠳᠦᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠳᠡᠭᠡᠳᠦ ᠲᠠᠰ ᠤᠨ ᠣᠷᠭᠠᠨᠢᠭ ᠴᠠᠭᠠᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠶ ᠪᠣᠯᠭᠠᠨ᠎ᠠ᠃ ᠱᠠᠨᠳᠦ᠋ᠩ ᠵᠦᠩ ᠬᠠᠩ ᠤᠨ ︽ᠵᠢᠭᠠᠰᠤ ᠨᠣᠭᠤᠭ᠎ᠠ ᠬᠠᠮᠲᠤ ᠪᠠᠷ ᠣᠷᠣᠰᠢᠬᠤ︾ ᠠᠮᠢ ᠠᠬᠤᠶ ᠶᠢᠨ ᠳᠠᠷᠢᠵᠤ ᠲᠡᠵᠢᠭᠡᠬᠦ᠂ ᠪᠡᠭᠡᠵᠢᠩ ᠤᠨ  ᠰᠢᠨ ᠮᠧᠩ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠵᠡᠷᠭᠡ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠦᠢᠯᠡᠴᠢᠯᠡᠭᠡᠨ ᠳᠤ ᠡᠨᠧᠷᠭᠢ ᠣᠯᠭᠤᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠴᠢᠳ ᠢ ᠳᠠᠭᠠᠭᠤᠯᠤᠨ ᠠᠵᠤ ᠠᠬᠤᠢ ᠢ ᠬᠥᠭᠵᠢᠭᠦᠯᠦᠨ ᠮᠠᠨᠳᠤᠭᠤᠯᠵᠤ ᠠᠷᠠᠳ ᠢ ᠪᠠᠶᠠᠵᠢᠭᠤᠯᠬᠤ ᠶᠢ ᠪᠡᠶᠡᠯᠡᠭᠦᠯᠦᠨ᠎ᠡ᠃  ︽ᠠᠮᠤ ᠪᠤᠳᠠᠭ᠎ᠠ︾᠂ ︽ᠮᠠᠯ ᠠᠵᠤ ᠠᠬᠤᠢ︾᠂ ︽  ᠲᠠᠷᠢᠶᠠᠯᠩ ᠠᠵᠤ ᠠᠬᠤᠢ︾ ᠶᠢᠨ ᠡᠮᠦᠨ᠎ᠡ ᠦᠵᠦᠭᠦᠷ ᠤᠨ ᠦᠢᠯᠡᠳᠪᠦᠷᠢᠯᠡᠯ ᠪᠠ ︽ᠢᠳᠡᠭᠡᠨ︾᠂ ︽ᠮᠢᠬ᠎ᠠ︾᠂ ︽ᠠᠵᠤ ᠦᠢᠯᠡᠳᠪᠦᠷᠢ︾ ᠶᠢᠨ ᠠᠷᠤ ᠦᠵᠦᠭᠦᠷ ᠶᠢᠨ ᠪᠤᠯᠪᠠᠰᠤᠷᠠᠭᠤᠯᠤᠯ ᠢ ᠰᠠᠶᠢᠲᠤᠷ ᠬᠢᠬᠦ ᠬᠥᠭᠵᠢᠯᠲᠡ ᠶᠢᠨ ᠵᠠᠭᠪᠤᠷ ᠶᠣᠰᠣᠭᠠᠷ᠂ ᠡᠷᠳᠡᠨᠢ ᠰᠢᠰᠢ᠂ ᠯᠠᠵᠤᠤ᠂ ᠬᠢᠲᠠᠳ ᠡᠮ ᠤᠨ ᠮᠠᠲ᠋ᠧᠷᠢᠶᠠᠯ᠂ ︽ᠭᠤᠷᠪᠠᠨ ᠬᠤᠨᠢ  ︵ᠢᠮᠠᠭ᠎ᠠ︶︾ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠨᠠᠷᠢᠯᠢᠭ ᠭᠦᠨᠵᠡᠭᠡᠢ ᠡᠳ᠋ᠰᠢᠭᠦᠯᠬᠦ ᠶᠢ ᠳᠡᠮᠵᠢᠨ᠎ᠡ᠃  ᠾᠧ ᠱᠧᠩ  ᠶᠤᠸᠠᠨ ᠤ 40 ᠲᠦᠮᠡᠨ ᠲᠣᠨ ᠲᠡᠵᠢᠭᠡᠯ ᠪᠣᠷᠳᠤᠭ᠎ᠠ᠂ ᠯᠧ ᠨᠦᠩ ᠶᠠᠩ  ᠤᠨ 30 ᠲᠦᠮᠡᠨ ᠲᠣᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠤᠨ ᠤᠷᠤᠭᠰᠢᠲᠠᠶ ᠪᠦᠲᠦᠭᠡᠨ ᠪᠠᠶᠢᠭᠤᠯᠬᠤ  ᠶᠢ ᠪᠠᠲᠤᠯᠠᠵᠤ ᠂  ᠡᠷᠳᠡᠨᠢ ᠰᠢᠰᠢ ᠶᠢᠨ ᠠᠵᠤ ᠦᠢᠯᠡᠰ ᠤᠨ ᠰᠦᠷᠦᠭᠵᠢᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠎ᠠ᠃ ᠾᠧ ᠰᠢᠩ᠂  ᠵᠦᠩ ᠨᠥᠩ ᠬᠤᠸᠠ ᠱᠠᠩ ᠵᠡᠷᠭᠡ ᠭᠦᠲᠦᠴᠢ ᠠᠵᠤ ᠠᠬᠤᠶᠢᠯᠠᠯ ᠳᠤ ᠲᠦᠰᠢᠭᠯᠡᠨ᠂ ᠯᠠᠵᠤᠤ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠤᠷᠲᠤᠳᠬᠠᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠲᠠᠨ ᠮᠥᠩᠭᠦᠨ ᠴᠡᠴᠡᠭ᠂ ᠤᠯᠠᠭᠠᠨ ᠮᠦᠷᠭᠦᠯᠵᠢ ᠶᠢᠨ ᠲᠠᠷᠢᠮᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠥᠬᠦ ᠤᠯᠤᠰ ᠤᠨ ᠳᠠᠭᠤᠷᠢᠶᠠᠮᠠᠯ ᠬᠡᠭᠡᠷ᠎ᠡ ᠶᠢᠨ ᠲᠠᠷᠢᠮᠠᠯ ᠡᠮ ᠤᠨ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ  ᠢ 3᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ ᠪᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 20 ᠪᠤᠶᠢᠵᠢᠭᠤᠯᠵᠤ᠂ ᠲᠢᠶᠠᠨ ᠾᠧᠩ ᠡᠮ  ᠦᠢᠯᠡᠳᠬᠦ ᠶᠢ ᠤᠯᠤᠰ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ  ᠪᠣᠯᠭᠠᠨ ᠭᠤᠶᠤᠴᠢᠯᠠᠨ ᠮᠡᠳᠡᠭᠦᠯᠬᠦ ᠶᠢ ᠢᠳᠡᠪᠬᠢᠲᠡᠶ ᠠᠬᠢᠭᠤᠯᠤᠨ᠎ᠠ᠃ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 2 ᠵᠦᠢᠯ᠂ ᠪᠣᠬᠢᠷᠲᠤᠯ ᠥᠬᠡᠶ ᠢᠳᠡᠭᠡᠨ ᠢ 3 ᠶᠢ ᠰᠢᠨ᠎ᠡ ᠪᠠᠷ ᠭᠡᠷᠴᠢᠯᠡᠨ᠎ᠡ᠃ ︽ᠰᠢᠨ᠎ᠡ︾ ᠲᠠᠷᠢᠶᠠᠴᠢᠨ ᠢ ᠬᠦᠮᠦᠵᠢᠭᠦᠯᠵᠦ ᠬᠦᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃  ᠰᠢᠨᠵᠢᠯᠡᠬᠦ ᠤᠬᠠᠭᠠᠨ ᠮᠡᠷᠭᠡᠵᠢᠯ ᠢᠶᠠᠷ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 10᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 5 ᠶᠢ ᠨᠡᠪᠴᠢᠭᠦᠯᠦᠨ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ 1᠂ ᠳ᠋ᠣᠺᠲ᠋ᠣᠷ ᠤᠨ ᠠᠵᠢᠯ ᠤᠨ ᠥᠷᠲᠡᠭᠡ 1 ᠶᠢ ᠰᠢᠨ᠎ᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠴᠢᠷᠮᠠᠶᠢᠨ ᠪᠠᠶᠢᠭᠤᠯᠤᠨ᠎ᠠ᠃ ᠪᠠᠷᠢᠮᠵᠢᠶᠠᠵᠢᠭᠤᠯᠤᠭᠰᠠᠨ ᠲᠠᠷᠢᠮᠠᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 6 ᠲᠦᠮᠡᠨ ᠮᠦ ᠪᠣᠬᠢᠷᠲᠤᠯ ᠦᠭᠡᠢ ᠲᠦᠭᠦᠬᠡᠢ ᠡᠳ᠋ ︵ᠯᠠᠵᠤᠤ︶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ 7000 ᠮᠦ  ᠪᠦᠬᠦ ᠤᠯᠤᠰ ᠤᠨ ᠣᠷᠭᠠᠨᠢᠭ ᠪᠣᠬᠢᠷᠲᠤᠯ ᠦᠭᠡᠢ ᠲᠦᠭᠦᠬᠡᠢ ᠡᠳ᠋  ︵ᠡᠷᠳᠡᠨᠢ ᠰᠢᠰᠢ︶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ ᠪᠥᠬᠦ ᠲᠠᠯ᠎ᠠ ᠪᠠᠷ ᠣᠷᠣᠯᠴᠠᠬᠤ ᠶᠢ ᠵᠣᠷᠢᠭᠵᠢᠭᠤᠯᠵᠤ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ᠂ ᠨᠢᠭᠡᠳᠦᠯᠲᠡᠶ ᠰᠡᠷᠭᠡᠶᠢᠯᠡᠨ ᠵᠠᠰᠠᠬᠤ ᠵᠡᠷᠭᠡ ᠭᠤᠭᠴᠤᠭ᠎ᠠ ᠳᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ  ᠦᠢᠯᠡᠴᠢᠯᠡᠨ᠂  ᠦᠢᠯᠡᠰ ᠴᠣᠭᠴᠠᠯᠠᠵᠤ ᠰᠢᠨ᠎ᠡ ᠶᠢ ᠡᠭᠦᠳᠴᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 120 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠢ ᠢᠳᠡᠪᠬᠢᠲᠡᠢ ᠠᠬᠢᠭᠤᠯᠵᠤ᠂ ᠨᠡᠩ ᠤᠯᠠᠨ ᠲᠠᠷᠢᠶᠠᠴᠢᠨ ᠡᠷᠦᠬᠡ ᠶᠢ ᠲᠤᠮᠤ ᠠᠵᠤ ᠦᠢᠯᠡᠰ ᠲᠤ ᠠᠭᠤᠰᠤᠯᠴᠠᠭᠤᠯᠵᠤ᠂ ᠲᠤᠮᠤ ᠵᠠᠬ᠎ᠠ ᠳᠡᠯᠭᠡᠭᠦᠷ ᠲᠠᠢ ᠵᠣᠯᠭᠠᠭᠤᠯᠤᠨ᠎ᠠ᠃      ᠬᠤᠶᠠᠷ ᠲᠤ᠂ ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠤᠶᠢᠯᠭᠠᠵᠤ᠂ ᠬᠥᠭᠵᠢᠯᠲᠡ ᠶᠢᠨ ᠬᠠᠳᠠᠨ ᠵᠣᠷᠢᠭ ᠢ  ᠪᠠᠲᠤᠳᠬᠠᠨ ᠴᠢᠩᠭᠠᠷᠠᠭᠤᠯᠤᠨ᠎ᠠ ᠃ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠵᠤ᠂ ᠣᠳᠣ  ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠣᠶ ᠪᠣᠯᠭᠠᠨ᠎ᠠ᠃ ᠲᠣᠬᠢᠷᠠᠭᠤᠯᠬᠤ ᠦᠢᠯᠡᠴᠢᠯᠡᠭᠡ ᠶᠢ ᠪᠣᠳᠠᠲᠠᠶ ᠪᠥᠭᠡᠳ ᠨᠠᠷᠢᠯᠢᠭ ᠬᠢᠨ᠎ᠠ᠃ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠬᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠬᠦᠴᠢᠷᠳᠡᠯ ᠢ ᠳᠠᠭᠠᠭᠠᠨ ᠰᠢᠢᠳᠪᠦᠷᠢᠯᠡᠬᠦ᠂ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠲᠣᠭᠠᠴᠢᠯᠠᠯᠲᠠ ᠪᠠᠷ ᠡᠨᠧᠷᠭᠢ ᠣᠯᠭᠤᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠢ ᠲᠤᠰᠠᠯᠠᠬᠤ᠂ ᠥᠷᠢᠲᠦᠵᠦ ᠪᠠᠶᠢᠭ᠎ᠠ ᠶᠢ ᠴᠡᠪᠡᠷᠯᠡᠨ ᠠᠷᠢᠯᠭᠠᠬᠤ ᠵᠡᠷᠭᠡ ᠳᠣᠯᠣᠭᠠᠨ ᠵᠦᠢᠯ ᠤᠨ ︽ᠠᠵᠤ ᠠᠬᠤᠶᠢᠯᠠᠯ ᠢ ᠬᠠᠪᠰᠤᠷᠤᠨ ᠡᠨᠧᠷᠭᠢ ᠣᠯᠭᠤᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠡᠷᠢᠵᠦ᠂ ᠲᠦᠭᠦᠬᠡᠶ ᠮᠠᠲ᠋ᠧᠷᠢᠶᠠᠯ ᠡᠷᠢᠵᠦ᠂ ᠠᠵᠢᠯᠴᠢᠨ ᠡᠷᠢᠵᠦ᠂ ᠵᠠᠬ᠎ᠠ ᠳᠡᠯᠭᠡᠭᠦᠷ ᠢ ᠡᠷᠢᠯᠬᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠦᠢᠯᠡᠳᠪᠦᠷᠢᠯᠡᠯ ᠢ ᠪᠡᠶᠡᠯᠡᠭᠦᠯᠦᠨ ᠦᠷ᠎ᠡ ᠪᠦᠲᠦᠮᠵᠢ ᠭᠠᠷᠭᠠᠬᠤ ᠶᠢ  ᠪᠠᠲᠤᠯᠠᠵᠤ ᠂ ᠵᠢᠱᠢᠭᠰᠡᠨ ᠦᠢᠯᠡᠳᠬᠦᠨ ᠤ ᠥᠷᠲᠡᠭ ᠢ ᠪᠡᠶᠡᠯᠡᠭᠦᠯᠬᠦ ᠶᠢ  ᠦᠨᠡᠨ ᠬᠦ ᠪᠠᠲᠤᠯᠠᠨ᠎ᠠ᠃ ︽ᠪᠠᠭ᠎ᠠ ᠬᠡᠮᠵᠢᠶ᠎ᠡ ᠪᠠᠷ ᠬᠡᠪᠴᠢᠶᠡᠵᠢᠯ ᠳᠤ ᠲᠠᠪᠰᠢᠬᠤ︾ ᠠᠵᠤ ᠠᠬᠤᠶᠢᠯᠠᠯ ᠢ ᠪᠤᠶᠢᠵᠢᠭᠤᠯᠬᠤ  ᠶᠢ ᠴᠢᠬᠤᠯᠠᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4᠂ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠲᠤᠰᠬᠠᠶ ᠨᠠᠷᠢᠯᠢᠭ ᠣᠨᠴᠠ ᠰᠢᠨ᠎ᠡ︾ ᠪᠠ ᠰᠢᠨ᠎ᠡ ᠶᠢ ᠡᠭᠦᠳᠬᠦ ᠬᠡᠯᠪᠡᠷᠢ ᠶᠢᠨ 5 ᠳᠤᠮᠳᠠ ᠵᠢᠵᠢᠭ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 150 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠣᠯᠠᠮᠵᠢᠯᠠᠯᠲᠣ ᠠᠵᠣ ᠦᠢᠯᠡᠰ  ᠤᠨ ᠳᠠᠯᠳᠠ ᠬᠦᠴᠦᠨ ᠢ ᠬᠦᠴᠦᠯᠡᠨ ᠠᠭᠤᠳᠠᠯᠤᠨ᠎ᠠ᠃ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠤᠶᠤᠨᠴᠢᠯᠠᠬᠤ᠂ ᠪᠣᠬᠢᠷᠲᠤᠯ ᠦᠭᠡᠶᠢᠵᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ 15 ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠲᠥᠬᠦᠭᠡᠷᠦᠮᠵᠢ ᠶᠢ ᠰᠢᠨᠡᠳᠬᠡᠬᠦ᠂  ᠤᠷᠠᠨ ᠮᠡᠷᠭᠡᠰᠢᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠤᠷᠢᠳᠠᠬᠢ ᠦᠢᠯᠡᠴᠢᠯᠡᠭᠡᠨ ᠤ ᠤᠬᠠᠮᠰᠠᠷ ᠢᠶᠠᠨ  ᠴᠢᠩᠭᠠᠳᠬᠠᠵᠤ᠂ ︽ᠨᠢᠭᠡ ᠠᠭᠤᠷᠬᠠᠶ ᠳᠤ ᠨᠢᠭᠡ ᠵᠥᠪᠯᠡᠬᠦ︾  ᠪᠠᠷ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ  ᠢ ᠰᠡᠷᠭᠦᠭᠡᠵᠦ᠂ 7 ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠠᠭᠤᠷᠬᠠᠶ ᠶᠢᠨ ᠮᠠᠯᠲᠠᠵᠤ ᠰᠣᠩᠭᠤᠬᠤ ᠠᠵᠤ ᠦᠢᠯᠡᠰ ᠤᠨ ᠬᠡᠪᠴᠢᠶᠡᠵᠢᠭᠰᠡᠨ ᠡᠷᠴᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠬᠤᠸᠠ ᠢᠦᠶ ᠮᠢᠩ ᠺᠧ 30 ᠲᠦᠮᠡᠨ ᠲᠣᠨ ᠠᠯᠲᠠᠨ ᠤ ᠠᠭᠤᠷᠬᠠᠶ ᠶᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠰᠢᠨ ᠰᠢᠨ ᠤ 120 ᠲᠦᠮᠡᠨ ᠲᠣᠨ ᠨᠡᠭᠦᠷᠡᠰᠦ᠂ ᠲᠠᠢ ᠰᠢᠨ ᠰᠢᠶᠠᠩ  ᠤᠨ 45 ᠲᠦᠮᠡᠨ ᠲᠣᠨ ᠠᠯᠳᠠᠨ ᠤ ᠠᠭᠤᠷᠬᠠᠶ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠨ ᠭᠦᠢᠴᠡᠳᠬᠡᠵᠦ᠂ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠰᠠᠭᠠᠳᠠᠭ ᠤᠨ ᠠᠵᠤ ᠦᠢᠯᠡᠳᠪᠦᠷᠢ ᠶᠢᠨ ᠪᠥᠭᠡᠮᠨᠡᠷᠡᠯ ᠤᠨ ᠣᠷᠣᠨ ᠤ ᠣᠨᠴᠠ ᠲᠥᠷᠥᠯ ᠤᠨ ᠬᠠᠶᠢᠯᠤᠰᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠮᠦᠷᠯᠢᠭ ᠬᠠᠶᠢᠯᠤᠭᠤᠯᠬᠤ ᠠᠵᠤ ᠦᠢᠯᠡᠰ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠠᠬᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠤᠯᠠ ᠬᠠᠶᠢᠯᠤᠰᠢ ᠶᠢᠨ ᠮᠠᠲ᠋ᠧᠷᠢᠶᠠᠯ  ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠮᠠᠨᠳᠤᠭᠰᠠᠨ ᠠᠵᠤ ᠦᠢᠯᠡᠰ ᠢ ᠲᠦᠷᠭᠡᠨ ᠪᠤᠶᠢᠵᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠢ ᠬᠦᠴᠦᠷᠬᠡᠭᠵᠢᠭᠦᠯᠵᠦ᠂ ᠰᠦᠵᠢ ᠶᠢᠨ ᠡᠯᠡᠰᠦᠷᠬᠡᠭ ᠭᠠᠵᠠᠷ ᠤᠨ 2GW ᠶᠢᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠴᠠᠬᠢᠯᠭᠠᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠠᠲᠤᠯᠠᠵᠤ᠂ 30 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠬᠡᠷᠡᠯ ᠴᠡᠨᠡᠭ ᠢ ᠨᠢᠭᠡ ᠴᠤᠭᠴᠠᠵᠢᠭᠤᠯᠬᠤ᠂ ᠬᠤᠢ ᠹᠧᠩ ᠡᠨᠧᠷᠭᠢ ᠶᠢᠨ 50 ᠰᠠᠶ᠎ᠠ ᠸᠠᠲ ᠮᠢᠩᠭᠠᠨ ᠰᠢᠶᠠᠩ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ᠂ ᠬᠤᠸᠠ ᠳ᠋ᠢᠶᠠᠨ 47 ᠲᠦᠮᠡᠨ ᠺᠢᠯᠣᠸᠠᠲ ᠤᠨ ᠰᠠᠯᠬᠢ ᠬᠡᠷᠡᠯ ᠤᠨ ᠤᠰᠤᠲᠥ᠋ᠷᠥᠭᠴᠢ ᠦᠢᠯᠡᠳᠬᠦ ᠶᠢ ᠨᠢᠭᠡ ᠴᠤᠭᠴᠠᠵᠢᠭᠤᠯᠬᠤ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ  ᠠᠬᠢᠭᠤᠯᠵᠤ᠂  ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠲᠥ᠋ᠷᠥᠭᠴᠢ ᠶᠢ ᠭᠠᠳᠠᠭᠰᠢ ᠬᠦᠷᠭᠡᠬᠦ ᠵᠠᠮ ᠢ ᠠᠯᠬᠤᠮ ᠠᠯᠬᠤᠮ ᠢᠶᠠᠷ  ᠨᠡᠪᠲᠡᠷᠡᠭᠦᠯᠦᠨ᠂ ᠪᠥᠬᠦ ᠣᠷᠣᠨ ᠤ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ᠂ ᠶᠦᠩ ᠰᠢᠨ 7000 ᠲᠣᠨ ᠬᠤᠪᠣᠷ ᠰᠢᠷᠣᠶ ᠶᠢᠨ ᠲᠡᠮᠦᠷᠯᠢᠭ᠂ ᠢ ᠰᠢᠨ 5000 ᠲᠣᠨ ᠬᠤᠪᠣᠷ ᠰᠢᠷᠣᠶ ᠶᠢᠨ ᠲᠡᠮᠦᠷᠯᠢᠭ ᠤᠨ ᠬᠠᠶᠢᠯᠤᠰᠢ ᠵᠡᠷᠭᠡ 4 ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠥᠷᠢᠰᠥᠯᠳᠦᠬᠦ ᠬᠦᠴᠦᠨ ᠢ  ᠦᠨᠡᠨ ᠬᠦ ᠳᠡᠭᠡᠭᠰᠢᠯᠡᠭᠦᠯᠦᠨ᠎ᠡ᠃ ᠳ᠋ᠦᠩ ᠯᠢ ᠭᠡᠷᠡᠯ ᠴᠡᠨᠡᠭ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠨᠠᠷᠢᠯᠢᠭ ᠬᠢᠵᠦ᠂ ᠰᠢᠨ ᠠᠨ ᠰᠢᠨ ᠹᠠ ᠬᠤᠶᠠᠳᠤᠭᠠᠷ ᠰᠣᠩᠭᠤᠯᠲᠠ ᠶᠢᠨ ᠦᠢᠯᠡᠳᠪᠦᠷᠢ ᠶᠢᠨ ᠬᠦᠳᠡᠷ ᠤᠨ ᠰᠢᠭᠠᠷᠤ ᠶᠢ ᠡᠭᠡᠭᠦᠯᠦᠨ ᠪᠥᠭᠯᠡᠬᠦ᠂ ᠾᠦᠢ ᠬᠤᠸᠠᠩ ᠤᠨ ᠬᠡᠷᠡᠭᠯᠡᠭᠡᠨ ᠠᠴᠠ  ᠭᠠᠷᠭᠠᠭᠰᠠᠨ ᠦᠯᠢᠶᠡᠭᠦᠷ ᠮᠠᠰᠢᠨ ᠤ ᠳᠠᠯᠪᠢ ᠶᠢᠨ ᠬᠡᠰᠡᠭ ᠢ ᠳᠠᠬᠢᠨ ᠠᠰᠢᠭᠯᠠᠬᠤ᠂ ᠴᠢ ᠢᠦᠶ ᠬᠠᠶᠠᠭᠳᠠᠮᠠᠯ ᠴᠠᠬᠢᠭᠤᠷ ᠤᠨ ᠮᠠᠲ᠋ᠧᠷᠢᠶᠠᠯ ᠢ ᠡᠭᠡᠭᠦᠯᠦᠨ ᠬᠤᠷᠢᠶᠠᠬᠤ ᠵᠢᠴᠢ ᠳᠠᠬᠢᠨ ᠠᠰᠢᠭᠯᠠᠬᠤ ᠵᠡᠷᠭᠡ ᠲᠥᠷᠥᠯ ᠵᠦᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠲᠥᠪᠯᠡᠷᠡᠭᠦᠯᠦᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠴᠢᠳᠠᠮᠵᠢ ᠶᠢ ᠤᠯᠠᠮ ᠨᠢᠭᠡ ᠠᠯᠬᠤᠮ  ᠰᠢᠯᠢᠳᠡᠭᠵᠢᠭᠦᠯᠦᠨ᠎ᠡ᠃ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ︾ ᠪᠠᠷ ᠵᠦᠪᠰᠢᠶᠡᠷᠡᠭᠡᠳ ᠬᠠᠩᠭᠠᠭᠰᠠᠨ ᠥᠬᠡᠶ᠂ ᠰᠤᠯᠠ ᠲᠠᠯᠪᠢᠵᠤ ᠳᠣᠤᠷ᠎ᠠ ᠠᠰᠢᠭᠯᠠᠮᠵᠢ ᠲᠠᠢ ᠭᠠᠵᠠᠷ ᠰᠢᠷᠣᠶ ᠶᠢ ︽ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠬᠦ ︾ ᠶᠢ ᠠᠬᠢᠭᠤᠯᠵᠤ᠂ ︽ᠢᠮᠠᠬᠤ ᠶᠢᠨ ᠲᠡᠳᠦᠶ ᠭᠠᠵᠠᠷ︾ ᠠᠴᠠ ︽ᠦᠨ᠎ᠡ ᠦᠷᠲᠡᠭ︾ ᠭᠠᠷᠭᠠᠨ᠎ᠠ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠡᠷᠴᠢᠮ᠂ ᠮᠦ ᠪᠦᠷᠢ ᠶᠢᠨ ᠳᠤᠮᠳᠠᠴᠢ ᠭᠠᠷᠤᠯᠲᠠ᠂ ᠡᠨᠧᠷᠭᠢ ᠤᠰᠤᠨ ᠤ ᠬᠤᠷᠣᠭᠳᠠᠯ ᠵᠡᠷᠭᠡ ᠭᠦᠢᠴᠡᠳᠬᠡᠯ ᠲᠤᠭ᠎ᠠ ᠶᠢᠨ ᠰᠢᠯᠭᠠᠨ ᠬᠢᠨᠠᠬᠤ ᠶᠢ ᠴᠢᠩᠭᠠᠷᠠᠭᠤᠯᠵᠤ᠂ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠳᠤ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ ᠢ ᠪᠠᠶᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠵᠡᠷᠭᠡ ᠳᠡᠰ ᠢ D ᠳᠡᠰ ᠢᠶᠠᠷ ᠮᠠᠭᠠᠳᠯᠠᠨ ᠲᠣᠭᠲᠠᠭᠠᠬᠤ ᠶᠢ ᠪᠠᠲᠤᠯᠠᠨ᠎ᠠ᠃ ᠠᠭᠤᠷᠬᠠᠶ ᠶᠢᠨ ᠠᠵᠤ ᠠᠬᠤᠶᠢᠯᠠᠯ ᠤᠨ ᠳᠤᠮᠳᠠ ᠤᠰᠤ ᠶᠢ ᠡᠭᠡᠭᠦᠯᠦᠨ ᠬᠡᠷᠡᠭᠯᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠠᠵᠤ ᠦᠢᠯᠡᠳᠪᠦᠷᠢ ᠶᠢᠨ ᠤᠰᠤ ᠬᠠᠩᠭᠠᠬᠤ ᠤᠰᠤᠨ ᠤ ᠡᠬᠢ ᠰᠤᠷᠪᠤᠯᠵᠢ ᠶᠢ ᠰᠣᠯᠢᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠤᠨ ᠭᠤᠤᠯ ᠤᠨ ᠤᠰᠤᠨ ᠤ ᠡᠷᠬᠡ ᠶᠢ ᠰᠣᠯᠢᠬᠤ ᠶᠢ ᠢᠳᠡᠪᠬᠢᠲᠡᠶ ᠠᠬᠢᠭᠤᠯᠵᠤ ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ᠂ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠠᠰᠠᠭᠤᠳᠠᠯ ᠢ ᠰᠢᠢᠳᠪᠦᠷᠢᠯᠡᠬᠦ ᠶᠢ ᠲᠤᠪᠤᠶᠢᠯᠭᠠᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠦᠷᠭᠡᠨ ᠪᠤᠶᠢᠵᠢᠭᠤᠯᠤᠨ᠎ᠠ᠃ ᠣᠲᠣ ᠶᠢᠨ ᠪᠠᠶᠢᠭ᠎ᠠ ᠬᠥᠭᠵᠢᠯᠲᠡ ᠶᠢᠨ ᠰᠠᠭᠤᠷᠢ ᠪᠠ ᠡᠬᠢ ᠪᠠᠶᠠᠯᠢᠭ ᠤᠨ ᠣᠨᠴᠠᠯᠢᠭ ᠲᠠᠭᠠᠨ ᠲᠦᠰᠢᠭᠯᠡᠨ᠂ ᠬᠡᠷᠡᠭᠯᠡᠭᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠦᠢᠯᠡᠳᠬᠦᠨ ᠢ ᠲᠦᠷᠭᠡᠪᠴᠢᠯᠡᠨ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃  ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠳᠥᠷᠪᠡᠨ ᠤᠯᠠᠷᠢᠯ ᠤᠨ ᠵᠢᠭᠤᠯᠴᠢᠯᠠᠯ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠤᠯᠠᠭᠠᠨᠰᠤᠬᠠᠢ ᠶᠢᠨ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ︽ᠢᠳᠡᠵᠤ ᠰᠠᠭᠤᠬᠤ ᠶᠠᠪᠣᠬᠤ ᠨᠠᠭᠠᠳᠬᠤ ᠵᠣᠭᠠᠴᠠᠬᠤ ᠬᠤᠳᠠᠯᠳᠣᠨ ᠠᠪᠬᠤ︾ ᠵᠢᠷᠭᠤᠭᠠᠨ ᠡᠯᠧᠮᠧᠨ᠋ᠲ ᠢ ᠨᠠᠷᠢᠯᠢᠭ ᠬᠢᠵᠦ᠂ ᠬᠥᠮᠦᠰ ᠤᠨ ᠬᠦᠷᠢᠶᠡᠯᠡᠯ ᠢ ᠦᠨᠡᠨ ᠬᠦ ᠲᠥᠪᠯᠡᠷᠡᠭᠦᠯᠵᠦ᠂ ᠬᠡᠷᠡᠭᠯᠡᠭᠡ ᠶᠢ ᠦᠨᠡᠨ ᠬᠦ ᠲᠠᠲᠠᠵᠤ᠂ ᠪᠠᠷᠠᠭᠤᠨ ᠣᠷᠣᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠥᠨᠳᠦᠷᠯᠢᠭ ᠢ ᠪᠠᠶᠢᠭᠤᠯᠤᠨ᠎ᠠ᠃ ᠣᠷᠪᠣᠭ ᠤᠨ ᠲᠠᠯ᠎ᠠ ᠨᠤᠲᠤᠭ ᠤᠨ ᠵᠢᠭᠤᠯᠴᠢᠯᠠᠯ᠂ ᠤᠯᠠᠭᠠᠨᠰᠤᠬᠠᠢ ᠶᠢᠨ ᠣᠯᠠᠨ ᠤᠯᠤᠰ ᠤᠨ ᠰᠡᠯᠡᠭᠦᠴᠡᠯ ᠤᠨ ᠵᠢᠭᠠᠰᠤ ᠭᠥᠬᠢᠳᠡᠬᠦ ᠰᠠᠭᠤᠷᠢᠨ ᠭᠠᠵᠠᠷ ᠵᠢᠴᠢ ᠦᠵᠡᠮᠵᠢ ᠶᠢᠨ ᠣᠷᠣᠨ ᠤ ᠳᠡᠰ ᠳᠡᠪᠰᠢᠬᠦ ᠵᠡᠷᠭᠡ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠲᠥᠷᠥᠯ ᠵᠦᠢᠯ ᠤᠨ ᠪᠡᠶᠡᠴᠢᠯᠡᠨ ᠣᠶᠢᠯᠠᠭᠠᠬᠤ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ ᠢ ᠳᠡᠭᠡᠭᠰᠢᠯᠡᠭᠦᠯᠦᠨ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠷ ᠲᠡᠷᠭᠡ ᠶᠢᠨ ᠬᠡᠭᠡᠷ᠎ᠡ ᠪᠠᠭᠤᠳᠠᠯᠯᠠᠬᠤ᠂  ᠠᠶᠢᠯ ᠪᠠᠭᠤᠳᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠵᠣᠷᠢᠭᠵᠢᠭᠤᠯᠵᠤ᠂ ᠴᠠᠭᠠᠨᠬᠠᠳᠠ ᠳᠤ ᠬᠤᠪᠢ ᠶᠢᠨ ᠮᠠᠰᠢᠨ ᠲᠡᠷᠭᠡ ᠪᠠᠷ ᠠᠮᠠᠷᠠᠵᠤ ᠬᠤᠨᠣᠭᠯᠠᠬᠤ ᠭᠠᠵᠠᠷ᠂  ᠴᠢᠨᠣ ᠎ᠠ ᠲᠠᠢ ᠬᠠᠮᠲᠣ ᠲᠣᠭᠯᠠᠬᠤ ᠠᠮᠢ ᠠᠬᠤᠶ ᠶᠢᠨ ᠰᠡᠯᠡᠭᠦᠴᠡᠯ ᠭᠠᠵᠠᠷ ᠵᠡᠷᠭᠡ ︽ᠡᠴᠢᠭᠡ ᠡᠬᠡ ᠦᠷ᠎ᠡ ᠬᠡᠤᠬᠡᠳ ᠤᠨ ᠵᠢᠭᠤᠯᠴᠢᠯᠠᠯ︾ ᠤᠨ ᠦᠵᠡᠮᠵᠢ ᠶᠢᠨ ᠭᠠᠵᠠᠷ ᠢ ᠲᠠᠰ ᠳᠡᠪᠰᠢᠭᠦᠯᠵᠦ᠂  ᠰᠣᠶᠣᠯ ᠵᠢᠭᠤᠯᠴᠢᠯᠠᠯ ᠤᠨ ᠠᠵᠤ ᠦᠢᠯᠡᠰ ᠢ ᠦᠢᠯᠡᠴᠢᠯᠡᠭᠡᠨ ᠤ ᠦᠢᠯᠡᠰ ᠤᠨ ᠲᠤᠯᠭᠠᠭᠤᠷᠢ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠡᠷᠡᠭᠯᠡᠭᠡ ᠶᠢ ᠶᠡᠬᠡᠪᠡᠷ ᠳᠠᠶᠢᠴᠢᠯᠠᠨ᠎ᠠ᠃ ︽ᠬᠤᠶᠠᠷ ᠰᠢᠨ᠎ᠡ︾ ᠶᠢ ᠠᠳᠬᠤᠵᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂  ᠮᠠᠰᠢᠨ ᠲᠡᠷᠭᠡ᠂  ᠭᠠᠷ ᠣᠲᠠᠰᠣ᠂ ᠭᠡᠷ ᠤᠨ ᠬᠡᠷᠡᠭᠰᠡᠯ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡ  ᠶᠢ ᠳᠡᠭᠡᠭᠰᠢᠯᠡᠬᠦᠯᠵᠦ᠂  ᠬᠡᠷᠡᠭᠯᠡᠭᠡᠨ ᠤ ᠬᠦᠴᠦᠨ ᠢ ᠪᠦᠲᠦᠮᠵᠢᠲᠡᠢ  ᠪᠠᠳᠠᠷᠠᠭᠤᠯᠣᠨ᠎ᠠ᠃ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠬᠤᠨᠤᠭ ᠤᠨ ᠭᠠᠵᠠᠷ ᠵᠡᠷᠭᠡ ᠤᠯᠠᠮᠵᠢᠯᠠᠯᠲᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠰ ᠳᠡᠪᠰᠢᠭᠦᠯᠬᠦ ᠶᠢ ᠳᠡᠮᠵᠢᠵᠦ᠂ ᠰᠢᠨ᠎ᠡ ᠪᠠᠷ ᠨᠡᠮᠡᠭᠳᠡᠭᠰᠡᠨ  ᠬᠡᠮᠵᠢᠶ᠎ᠡ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠬᠤᠨᠤᠭᠯᠠᠬᠤ ᠪᠠ ᠵᠢᠵᠢᠭᠯᠡᠨ ᠬᠤᠳᠠᠯᠳᠤᠬᠤ ᠬᠤᠭᠤᠯᠠᠨ ᠤ ᠨᠢᠭᠡᠴᠢ ᠶᠢ 6 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠣᠶᠣᠯ ᠴᠡᠩᠭᠡᠯ ᠪᠡᠶ᠎ᠡ ᠴᠢᠭᠢᠷᠠᠭᠵᠢᠭᠤᠯᠤᠯᠲᠠ᠂ ᠬᠡᠷ ᠤᠨ ᠶᠠᠪᠤᠳᠠᠯ ᠤᠨ ᠡᠷᠡᠭᠦᠯᠵᠢᠯ ᠰᠤᠪᠢᠯᠠᠯᠲᠠ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠵᠡᠷᠭᠡ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠤᠶᠢᠵᠢᠭᠤᠯᠵᠤ᠂ ᠵᠠᠬ᠎ᠠ ᠳᠡᠯᠭᠡᠭᠦᠷ ᠢ ︽ᠬᠥᠭᠵᠢᠶᠡᠨ ᠲᠠᠢ︾ ᠪᠣᠯᠭᠠᠵᠤ᠂ ᠬᠡᠷᠡᠭᠯᠡᠭᠡ ᠶᠢ ︽ᠬᠠᠯᠠᠮᠰᠢᠭᠤᠯᠤᠨ᠎ᠠ︾᠃ ᠤᠷᠢᠳᠴᠢᠯᠠᠨ ᠬᠥᠯᠳᠡᠭᠡᠵᠦ ᠬᠥᠮᠥᠷᠭᠡᠯᠡᠨ ᠬᠠᠳᠠᠭᠠᠯᠠᠬᠤ᠂ ᠲᠦᠭᠦᠬᠡᠶ ᠰᠣᠷᠭᠤᠭ ᠵᠥᠭᠡᠭᠡᠪᠦᠷᠢ ᠶᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠤᠬᠢᠷᠠᠯ ᠢ ᠪᠠᠭᠠᠰᠬᠠᠨ ᠥᠷᠲᠡᠭ ᠢ ᠨᠡᠮᠡᠭᠳᠡᠭᠦᠯᠬᠦ᠂ ︽ᠰᠣᠷᠭᠤᠭ︾ ᠴᠢᠨᠠᠷ ᠢ  ᠪᠠᠲᠣᠯᠠᠵᠤ ᠂ ︽ᠪᠥᠬᠦ ᠣᠷᠣᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠵᠢᠱᠢᠶ᠎ᠡ ᠦᠵᠡᠭᠦᠯᠬᠦ ᠰᠢᠶᠠᠨ︾ ᠢ ᠴᠢᠷᠮᠠᠶᠢᠨ ᠡᠭᠦᠳᠦᠨ᠎ᠡ᠃ ᠰᠢᠭᠡᠲᠡᠢ ᠶᠢᠨ ᠳ᠋ᠢ ᠴᠦᠨ ᠵᠡᠷᠭᠡ ᠲᠤᠰ ᠭᠠᠵᠠᠷ ᠤᠨ ᠦᠢᠯᠡᠳᠬᠦᠨ ᠢ ᠤᠷᠢᠳᠠᠪᠠᠷ ᠬᠤᠳᠠᠯᠳᠤᠨ ᠠᠪᠴᠣ ᠬᠡᠷᠡᠭᠯᠡᠬᠦ ᠶᠢ ᠰᠠᠨᠠᠭᠠᠴᠢᠯᠠᠨ᠂ ᠲᠤᠰ ᠭᠠᠵᠠᠷ ᠤᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠎ᠡ᠃ ᠵᠠᠰᠠᠭ ᠪᠠᠩᠬᠢ ᠠᠵᠤ  ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ  ᠬᠦᠢᠯᠭᠡᠭᠡᠨ ᠤ  ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠵᠡᠷᠭᠡ ᠬᠦᠷᠢᠶ᠎ᠡ ᠴᠠᠷᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠨᠠᠩ ᠣᠯᠠᠨ ᠮᠥᠩᠭᠦᠨ ᠬᠦᠢᠯᠭᠡᠭᠡᠨ ᠤ ᠳᠡᠮᠵᠢᠯᠭᠡ ᠬᠠᠩᠭᠠᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠦᠢᠯᠡᠴᠢᠯᠡᠭᠡᠨ ᠢ ᠲᠦᠷᠭᠡᠳᠬᠡᠨ ᠬᠥᠭᠵᠢᠭᠦᠯᠵᠦ᠂ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠥᠯᠥᠪᠦᠷᠢ ᠥᠭᠬᠦ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂  ᠮᠠᠯᠴᠢᠨ ᠲᠠᠷᠢᠶᠠᠴᠢᠳ‌‍ᠤᠨ ︽ᠵᠣᠭᠤᠰᠣᠨ ᠴᠦᠩᠭᠦ︾ ᠶᠢ ︽ᠬᠤᠣᠰ ᠳᠠᠭᠠᠳᠬᠠᠯ︾ ᠲᠠᠢ ᠪᠣᠯᠭᠠᠨ᠎ᠠ᠃     ︵ᠬᠤᠶᠠᠷ︶ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠣᠬᠤ ᠪᠣᠳᠣᠯᠭ᠎ᠠ ᠶᠢ ᠲᠡᠷᠡ ᠶᠣᠰᠣᠭᠠᠷ ᠨᠢ  ᠨᠠᠶᠢᠳᠠᠪᠣᠷᠢᠵᠢᠭᠤᠯᠵᠤ᠂ ᠰᠢᠨ᠎ᠡ ᠨᠡᠮᠡᠭᠳᠡᠭᠰᠡᠨ ᠬᠡᠮᠵᠢᠶᠡᠨ ᠤ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠣᠨ᠎ᠠ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠶᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ  ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠲᠦᠷᠦᠯ ᠵᠦᠢᠯ ᠢ  ᠠᠳᠬᠤᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠬᠥᠭᠵᠢᠯᠲᠡ ᠶᠢᠨ  ᠭᠤᠣᠯᠯᠠᠭᠴᠢ  ᠪᠣᠯᠭᠠᠨ᠎ᠠ᠃       ᠨᠢᠭᠡ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠤᠳᠤᠷᠢᠳᠤᠯᠭ᠎ᠠ ᠲᠦᠷᠦᠭᠦᠯᠡᠨ ᠠᠵᠤ  ᠠᠬᠤᠶᠢᠯᠠᠯ ᠢ ᠳᠠᠭᠠᠭᠠᠴᠢᠯᠠᠨ ᠬᠠᠷᠢᠯᠴᠠᠬᠤ᠂ ᠲᠥᠷᠥᠯ  ᠵᠦᠢᠯ ᠢ ᠳᠠᠭᠠᠭᠠᠴᠢᠯᠠᠨ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ  ᠵᠦᠢᠯ ᠢ ᠨᠠᠶᠢᠳᠠᠪᠣᠷᠢᠵᠢᠭᠤᠯᠬᠤ᠂ ᠪᠥᠲᠥᠭᠡᠨ ᠪᠠᠶᠢᠭᠤᠯᠬᠤ᠂ ᠠᠵᠢᠯᠯᠠᠭᠤᠯᠬᠤ᠂ ᠨᠢᠭᠡᠳᠦᠯᠲᠡᠶ ᠳᠤ ᠣᠷᠣᠭᠤᠯᠬᠤ ᠪᠥᠬᠦ ᠶᠠᠪᠤᠴᠠ ᠳᠤ  ᠦᠢᠯᠡᠴᠢᠯᠡᠬᠦ ᠶᠢ ᠴᠢᠩᠭᠠᠳᠬᠠᠵᠤ᠂ ᠠᠷᠪᠠᠨ ᠡᠳᠦᠷ ᠢᠶᠠᠷ ᠰᠠᠷ᠎ᠠ ᠶᠢ ᠪᠠᠲᠤᠯᠠᠬᠤ᠂ ᠰᠠᠷ᠎ᠠ ᠪᠠᠷ ᠤᠯᠠᠷᠢᠯ ᠢ ᠪᠠᠲᠤᠯᠠᠬᠤ᠂ ᠤᠯᠠᠷᠢᠯ ᠢᠶᠠᠷ ᠣᠨ ᠢ ᠪᠠᠲᠤᠯᠠᠬᠤ ᠶᠢ ᠴᠢᠩᠭᠠᠳᠬᠠᠵᠤ ᠂ ᠡᠯ᠎ᠡ ᠵᠦᠢᠯ ᠤᠨ ᠠᠵᠤ ᠠᠬᠤᠶ ᠶᠢᠨ  ᠬᠦᠢᠴᠡᠳᠭᠡᠯ ᠲᠤᠭ᠎ᠠ ᠶᠢᠨ ᠶᠠᠰᠤ ᠴᠢᠨᠠᠷ ᠢ ᠨᠡᠮᠡᠭᠳᠡᠭᠦᠯᠬᠦ ᠶᠢ  ᠦᠨᠡᠨ ᠬᠦ ᠪᠠᠲᠤᠯᠠᠨ᠎ᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤᠨ ᠠᠰᠢᠭᠯᠠᠯᠲᠠ᠂ ᠴᠡᠪᠡᠷ ᠡᠨᠧᠷᠭᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠶᠠᠪᠤᠳᠠᠯ ᠤᠨ ᠰᠠᠭᠤᠷᠢ ᠵᠡᠷᠭᠡ 28 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠴᠠᠭ ᠤᠨ ᠳᠠᠷᠠᠭᠠᠯᠠᠯ ᠤᠨ ᠠᠬᠢᠴᠠ ᠶᠢ ᠴᠢᠩᠭ᠎ᠠ ᠠᠩᠬᠠᠷᠴᠤ᠂ ᠬᠠᠪᠰᠤᠷᠤᠨ ᠬᠦᠢᠴᠡᠳᠭᠡᠭᠦ ᠣᠷᠣᠯᠠᠨ ᠬᠦᠢᠴᠡᠳᠭᠡᠭᠦ ᠶᠢ ᠬᠡᠷᠡᠭᠵᠢᠭᠦᠯᠦᠨ᠂ ᠤᠷᠢᠳᠴᠢᠯᠠᠨ ᠦᠢᠯᠡᠴᠢᠯᠡᠬᠦ ᠶᠢ  ᠴᠢᠩᠭᠠᠳᠬᠠᠵᠤ᠂ ︽ᠡᠪᠦᠯ ᠤᠨ ᠤᠯᠠᠷᠢᠯ ᠳᠤ ᠭᠠᠷ  ᠬᠦᠢᠴᠡᠳᠭᠡᠯ ᠢ ᠠᠩᠬᠠᠷᠴᠤ᠂ ᠬᠠᠪᠤᠷ ᠤᠨ ᠤᠯᠠᠷᠢᠯ ᠳᠤ ᠪᠠᠷᠢᠯᠭ᠎ᠠ ᠶᠢ ᠵᠠᠪᠳᠤᠨ ᠡᠬᠢᠯᠡᠭᠦᠯᠵᠦ᠂ ᠪᠥᠬᠦ ᠵᠢᠯ ᠳᠤ ᠪᠥᠲᠥᠭᠡᠨ ᠪᠠᠶᠢᠭᠤᠯᠬᠤ ᠶᠢ ᠠᠳᠬᠤᠬᠤ︾ ᠠᠵᠢᠯ ᠤᠨ  ᠪᠠᠶᠢᠷᠢᠰᠢᠯ ᠢ ᠪᠣᠶ ᠪᠣᠯᠭᠠᠨ᠎ᠠ᠃ G6 ᠲᠦᠷᠭᠡᠨ ᠬᠤᠷᠳᠣᠴᠠᠲᠣ ᠵᠠᠮ ᠤᠨ ᠮᠤᠨᠠ ᠠᠭᠤᠯᠠ ᠶᠢᠨ  ᠭᠠᠷᠬᠤ ᠠᠮᠠ ᠪᠠ 3 ᠦᠢᠯᠡᠴᠢᠯᠡᠬᠡᠨ ᠤ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ G0616 ᠮᠣᠨᠠ ᠠᠭᠤᠯᠠ ᠠᠴᠠ ᠬᠠᠯᠢᠭᠤᠲᠤ ᠬᠥᠷᠬᠦ ᠬᠡᠰᠡᠭ ᠤᠨ ᠲᠦᠷᠭᠡᠨ  ᠬᠤᠷᠳᠣᠴᠠᠲᠣ  ᠵᠠᠰᠠᠮᠠᠯ ᠵᠠᠮ᠂ G628 ᠤᠯᠤᠰ ᠤᠨ ᠵᠠᠮ ᠵᠡᠷᠭᠡ ᠲᠥᠷᠥᠯ  ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠣᠯᠠᠵᠤ ᠂ 110 ᠤᠯᠤᠰ ᠤᠨ ᠵᠠᠮ ᠤᠨ ᠬᠤᠶᠠᠳᠤᠭᠠᠷ ᠲᠠᠰ ᠤᠨ ᠵᠠᠰᠠᠮᠠᠯ ᠵᠠᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ︽ᠬᠤᠶᠠᠷ ᠰᠢᠨ᠎ᠡ ᠨᠢᠭᠡ ᠴᠢᠬᠤᠯᠠ︾ ᠰᠠᠭᠤᠷᠢ ᠲᠥᠬᠦᠭᠡᠷᠦᠮᠵᠢ ᠶᠢᠨ ᠪᠦᠲᠦᠭᠡᠨ  ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 17 ᠴᠠᠬᠢᠯᠭᠠᠨ ᠴᠡᠨᠡᠭᠯᠡᠬᠦ ᠱᠣᠩ᠂  5 G ᠰᠠᠭᠤᠷᠢ ᠥᠷᠲᠡᠭᠡ ᠶᠢ 28 ᠰᠢᠨ᠎ᠡ ᠪᠠᠷ  ᠪᠠᠶᠢᠭᠤᠯᠤᠨ᠎ᠠ᠃     ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠰᠠᠶᠢᠲᠣᠷ ᠠᠳᠬᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠠᠵᠤ ᠠᠬᠤᠶ ᠶᠢᠨ ᠬᠥᠭᠵᠢᠯᠲᠡ ᠶᠢᠨ ᠡᠬᠢ ᠪᠣᠯᠭᠠᠵᠤ᠂ ᠪᠦᠬᠦ ᠠᠵᠢᠯᠲᠠᠨ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠤᠢ ᠪᠣᠯᠭᠠᠵᠤ᠂ 32 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ ᠬᠥᠮᠥᠷᠭᠡ︾ ᠶᠢ ᠨᠠᠷᠢᠨ ᠨᠢᠮᠪᠠᠶ ᠲᠡᠭᠦᠯᠳᠡᠷᠵᠢᠭᠦᠯᠵᠦ᠂ ᠪᠥᠬᠦ ᠡᠯᠧᠮᠧᠨ᠋ᠲ ᠤᠨ ᠠᠷᠠᠯᠵᠢᠶᠠᠴᠢᠨ ᠤᠷᠢᠬᠤ ᠳᠤ ︽ᠣᠨᠣᠪᠴᠢᠲᠠᠶ  ᠵᠠᠮᠴᠢᠯᠠᠨ᠎ᠠ︾᠃ ᠬᠤᠳᠠᠯᠳᠤᠭᠠᠴᠢᠳ ᠤᠨ ᠡᠪᠯᠡᠯ᠂  ᠨᠡᠶᠢᠭᠡᠮᠯᠢᠭ᠂ ᠬᠤᠳᠠᠯᠳᠤᠭᠠᠴᠢᠨ ᠤᠷᠢᠬᠤ ᠡᠯᠴᠢᠨ ᠰᠠᠶᠢᠳ ᠵᠡᠷᠭᠡ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ ᠡᠪᠯᠡᠯ ᠢᠶᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠨᠢᠭᠡ ᠪᠦᠯᠦᠭ ᠲᠣᠮᠣ ᠲᠥᠷᠥᠯ ᠵᠦᠢᠯ᠂  ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠭᠡᠷ᠎ᠡ ᠲᠣᠭᠲᠠᠭᠰᠠᠨ ᠲᠥᠷᠥᠯ  ᠵᠦᠢᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂  ᠭᠡᠷ᠎ᠡ ᠬᠦᠢᠴᠡᠳᠭᠡᠭᠦ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠪᠠ ᠪᠠᠯᠠ ᠮᠥᠩᠭᠦ ᠶᠢ  ᠪᠣᠳᠠᠲᠠᠶᠢᠵᠢᠭᠤᠯᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ᠃  ᠣᠷᠣᠨ ᠨᠤᠲᠤᠭ ᠤᠨ ᠠᠵᠤ ᠠᠬᠤᠶᠢᠯᠠᠯ ᠤᠨ ᠬᠥᠭᠵᠢᠯᠲᠡ ᠶᠢ ᠨᠠᠩ ᠬᠠᠯᠠᠮᠵᠢᠯᠠᠨ ᠳᠡᠮᠵᠢᠵᠦ᠂ ᠣᠷᠣᠨ ᠨᠤᠲᠤᠭ ᠤᠨ ᠠᠵᠤ ᠠᠬᠤᠶᠢᠯᠠᠯ  ᠢᠶᠠᠷ  ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠣᠷᠣᠯᠠᠨ ᠥᠭᠦᠯᠡᠭᠴᠢ︾  ᠪᠣᠯᠭᠠᠨ᠎ᠠ᠃     ᠭᠤᠷᠪᠠ ᠳᠤ᠂ ᠲᠦᠷᠦᠯ ᠵᠦᠢᠯ ᠲᠣᠭᠲᠠᠭᠠᠵᠤ ᠪᠡᠯᠡ ᠮᠥᠩᠭᠦ ᠣᠯᠬᠤ ᠠᠵᠢᠯ ᠢ ᠦᠷᠬᠦᠯᠵᠢᠯᠡᠨ ᠥᠷᠨᠢᠭᠦᠯᠦᠨ᠎ᠡ᠃ ᠤᠯᠤᠰ ᠤᠨ ︽ᠬᠤᠶᠠᠷ ᠴᠢᠬᠤᠯᠠ ︾  ︽ᠬᠤᠶᠠᠷ ᠦᠢᠯᠡᠰ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠦ ᠶᠢᠨ ᠪᠣᠳᠣᠯᠭ᠎ᠠ ᠶᠢᠨ ᠲᠣᠬᠢᠶᠠᠯ ᠢ ᠡᠵᠡᠮᠳᠡᠨ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠢᠭᠡ ᠪᠦᠯᠦᠭ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠴᠢᠨᠠᠷ ᠰᠠᠶᠢᠲᠠᠶ ᠲᠥᠯᠥᠪᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶᠠᠨ ᠳᠤ ᠣᠷᠣᠭᠤᠯᠬᠤ ᠪᠠᠷ ᠴᠢᠷᠮᠠᠶᠢᠨ᠎ᠠ᠃ ᠣᠳᠣᠬᠠᠨ ᠢ ᠪᠣᠳᠣᠯᠬᠢᠯᠠᠵᠤ᠂ ᠠᠯᠤᠰ ᠬᠡᠲᠦ ᠳᠤ ᠪᠡᠯᠡᠳᠬᠡᠬᠦ ᠶᠢ ᠪᠠᠷᠢᠮᠲᠠᠯᠠᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠬᠢᠨᠠᠮᠠᠭᠠᠶ ᠰᠤᠳᠤᠯᠵᠤ᠂ ᠨᠢᠭᠡ ᠪᠦᠯᠦᠭ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠠᠮᠢ ᠠᠬᠤᠢ ᠶᠢᠨ ᠵᠠᠰᠠᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠢᠨᠵᠧᠨᠧᠷᠢᠩ ᠢ ᠤᠷᠢᠳᠴᠢᠯᠠᠨ ᠨᠥᠭᠡᠴᠡᠯᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠡᠭᠦᠯᠳᠡᠷᠵᠢᠭᠦᠯᠦᠨ᠂ ᠭᠤᠶᠤᠴᠢᠯᠠᠨ  ᠮᠡᠳᠡᠭᠦᠯᠵᠵᠦ ᠠᠮᠵᠢᠯᠲᠠ ᠣᠯᠬᠤ ᠨᠣᠷᠮ᠎ᠠ  ᠶᠢ ᠦᠨᠡᠨ ᠬᠦ ᠳᠡᠭᠡᠭᠰᠢᠯᠡᠭᠦᠯᠦᠨ᠎ᠡ᠃     ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠣᠶᠢᠯᠡᠳᠦᠯᠭᠡᠵᠢᠬᠦᠯᠵᠦ᠂ ︽ᠪᠣᠬᠢᠷᠲᠤᠯ ᠥᠬᠡᠶ ᠬᠠᠷᠢᠭᠤᠴᠠᠯᠭ᠎ᠠ ᠶᠢᠨ ᠲᠠᠷᠢᠶ᠎ᠠ︾ ᠶᠢ  ᠰᠠᠶᠢᠲᠣᠷ ᠰᠠᠬᠢᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠣᠯᠭᠠᠨ᠎ᠠ᠃      ᠨᠢᠭᠡ ᠳᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠭᠦᠨᠵᠡᠭᠡᠢ ᠠᠬᠢᠭᠤᠯᠤᠨ᠎ᠠ᠃ ︽ᠬᠠᠲᠤᠨ ᠭᠤᠣᠯ ᠤᠨ ᠶᠡᠭᠡ ᠲᠣᠬᠤᠢ︾ ᠶᠢ ᠰᠠᠶᠢᠲᠣᠷ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ 75.8 ᠲᠦᠮᠡᠨ ᠮᠦ ᠬᠡᠷᠡᠭᠵᠢᠭᠦᠯᠦᠨ᠎ᠡ᠃ 5000 ᠮᠦ ᠠᠵᠤ ᠠᠬᠤᠶ ᠶᠢᠨ ᠣᠶ ᠶᠢ ᠲᠠᠷᠢᠵᠤ᠂ ᠬᠠᠲᠤᠨ ᠭᠤᠤᠯ ᠤᠨ ᠰᠠᠪᠠ ᠭᠠᠵᠠᠷ ᠤᠨ ᠲᠦᠮᠡᠨ ᠮᠦ ᠣᠶ ᠵᠢᠮᠢᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ︽ᠭᠤᠷᠪᠠᠨ ᠣᠷᠣᠨ ᠢ ᠬᠠᠮᠢᠶᠠᠷᠤᠨ ᠡᠵᠡᠮᠳᠡᠬᠦ︾ ᠶᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠣ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠦᠷ᠎ᠡ ᠪᠦᠲᠦᠮᠵᠢ ᠶᠢ ᠴᠢᠩᠭ᠎ᠠ ᠵᠢᠷᠤᠮᠯᠠᠨ ᠨᠥᠬᠦᠪᠥᠷᠢ ᠪᠡᠯᠡ ᠮᠥᠩᠭᠦ ᠶᠢ ᠲᠠᠷᠬᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10 % ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ︽ᠳᠥᠷᠪᠡᠨ ᠤᠰᠤ ᠳᠥᠷᠪᠡᠨ ᠲᠣᠭᠲᠠᠭᠠᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠤᠨ᠂  ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠴᠢᠩᠭᠠᠷᠠᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠭᠠᠵᠠᠷ ᠳᠡᠭᠡᠷᠡᠬᠢ ᠤᠰᠤ ᠶᠢ ᠭᠠᠵᠠᠷ ᠳᠤᠤᠷᠠᠬᠢ ᠤᠰᠤ  ᠪᠠᠷ ᠰᠣᠯᠢᠬᠤ ᠵᠡᠷᠭᠡ ᠤᠰᠤ ᠠᠷᠪᠢᠯᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠮᠠᠰᠢᠨ ᠴᠠᠬᠢᠯᠭᠠᠨ ᠬᠤᠳᠳᠤᠭ ᠤᠰᠤ ᠴᠠᠬᠢᠯᠭᠠᠨ ᠬᠤᠶᠠᠷ ᠢ ᠡᠵᠡᠮᠳᠡᠬᠦ᠂ ᠲᠠᠷᠢᠮᠠᠯ ᠤᠨ ᠪᠦᠲᠦᠴᠡ ᠶᠢ ᠳᠣᠭᠢᠷᠠᠭᠤᠯᠬᠤ ᠵᠡᠷᠭᠡ ᠤᠰᠤ ᠬᠢᠵᠠᠭᠠᠷᠯᠠᠬᠤ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢ ᠡᠪᠳᠡᠬᠦ ᠪᠠ ᠭᠠᠵᠠᠷ ᠳᠤᠤᠷᠠᠬᠢ ᠤᠰᠤ ᠶᠢ ᠲᠣᠭᠲᠠᠭᠠᠯ ᠠᠴᠠ ᠵᠥᠷᠢᠴᠡᠨ ᠲᠠᠲᠠᠵᠤ ᠬᠡᠷᠡᠭᠯᠡᠬᠦ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠵᠠᠷ ᠳᠤᠤᠷᠠᠬᠢ ᠤᠰᠤ ᠶᠢ ᠲᠠᠲᠠᠵᠤ ᠨᠥᠬᠦᠪᠥᠷᠢᠯᠡᠬᠦ  ᠶᠢ ᠲᠡᠩᠴᠡᠭᠦᠷᠢᠲᠡᠶ  ᠪᠠᠶᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠥᠷᠨᠢᠭᠦᠯᠵᠦ᠂  ᠪᠠᠶᠠᠨᠴᠠᠭᠠᠨ —  ᠴᠠᠰᠣᠲᠠᠢ ᠠᠭᠤᠯᠠ ᠶᠢᠨ  ᠬᠡᠰᠡᠭ ᠤᠨ ᠠᠮᠢ ᠠᠬᠤᠶ ᠶᠢ ᠰᠡᠷᠭᠦᠭᠡᠬᠦ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ ᠠᠮᠢ ᠠᠬᠤᠶ ᠶᠢ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ 19.5 ᠲᠡᠭᠰᠢ ᠳᠥᠷᠪᠡᠯᠵᠢᠨ ᠺᠢᠯᠣᠮᠧᠲᠷ ᠬᠠᠶᠠᠭᠳᠠᠮᠠᠯ ᠠᠭᠤᠷᠬᠠᠶ ᠶᠢ  ᠵᠠᠰᠠᠨ ᠰᠡᠷᠭᠦᠭᠡᠭᠦ ᠶᠢ ᠰᠢᠨ᠎ᠡ ᠪᠠᠷ  ᠨᠡᠮᠡᠭᠳᠡᠬᠦᠯᠦᠨ᠎ᠡ ᠃     ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ  ᠳᠠᠶᠢᠯᠠᠯᠳᠣᠭᠠᠨ ᠢ ᠦᠷᠭᠦᠯᠵᠢᠯᠡᠨ ᠰᠠᠶᠢᠲᠣᠷ ᠬᠢᠨ᠎ᠡ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠣᠭᠠᠨ ᠢ ᠨᠠᠩ ᠥᠨᠳᠥᠷ ᠪᠠᠷᠢᠮᠵᠢᠶ᠎ᠠ ᠪᠠᠷ ᠰᠠᠶᠢᠲᠣᠷ ᠬᠢᠵᠦ᠂ ᠵᠥᠩ ᠯᠢᠶᠠᠨ  ᠱᠦᠢᠨᠢ᠂ ᠳ᠋ᠠ ᠵᠥᠩ ᠪᠦᠮᠪᠦᠬᠡᠯᠢᠭ ᠵᠡᠷᠭᠡ ᠠᠵᠣ ᠠᠬᠤᠶᠢᠯᠠᠯ ᠤᠨ ᠬᠡᠲᠦ ᠳᠤᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠬᠡᠶᠢᠯᠡᠨ ᠵᠠᠰᠠᠬᠤ ᠲᠤᠤᠷᠵᠢᠭᠰᠠᠨ ᠬᠠᠮᠢᠶᠠᠷᠤᠯᠲᠠ ᠶᠢᠨ ᠲᠦᠷᠢᠮ ᠢ  ᠪᠠᠶᠢᠭᠤᠯᠤᠨ ᠲᠡᠭᠦᠯᠳᠡᠷᠵᠢᠭᠦᠯᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  ᠨᠠᠩ ᠥᠨᠳᠥᠷ ᠪᠠᠷᠢᠮᠵᠢᠶ᠎ᠠ ᠪᠠᠷ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ  ᠬᠢᠵᠣ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠨ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠲᠠ ᠬᠥᠳᠡᠭᠡ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠦ ᠠᠵᠢᠯᠯᠠᠭᠠᠨ ᠢ ᠠᠬᠢᠭᠤᠯᠵᠤ᠂ ᠤᠰᠤᠨ ᠤ ᠠᠮᠢ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠬᠥᠷᠥᠰᠥ ᠶᠢ ᠬᠠᠮᠠᠭᠠᠯᠠᠬᠤ ᠳᠠᠶᠢᠯᠯᠠᠳᠣᠭᠠᠨ ᠢ ᠨᠠᠩ ᠥᠨᠳᠥᠷ ᠪᠠᠷᠢᠮᠵᠢᠶ᠎ᠠ ᠪᠠᠷ  ᠰᠠᠶᠢᠲᠣᠷ ᠬᠢᠵᠦ᠂ ᠰᠤᠬᠠᠢ ᠶᠢᠨ ᠲᠠᠩ ᠤᠨ ᠪᠣᠬᠢᠷ ᠤᠰᠤᠨ ᠤ ᠲᠦᠷ ᠬᠠᠳᠠᠭᠠᠯᠠᠬᠤ ᠴᠥᠭᠦᠷᠥᠮ ᠢ ᠵᠠᠰᠠᠬᠤ ᠶᠢ ᠲᠦᠷᠭᠡᠳᠬᠡᠨ ᠠᠬᠢᠭᠤᠯᠵᠤ᠂ ᠮᠣᠨᠠ ᠠᠭᠤᠯᠠ ᠶᠢᠨ ᠬᠢᠮᠢ ᠶᠢᠨ ᠪᠣᠷᠳᠣᠭᠤᠷ  ᠤᠨ ᠦᠢᠯᠡᠳᠪᠦᠷᠢ ᠶᠢᠨ ᠪᠣᠬᠢᠷᠲᠤᠭᠰᠠᠨ ᠬᠡᠰᠡᠭ᠂ ᠲᠡᠦᠬᠡᠨ ᠠᠴᠠ ᠦᠯᠡᠳᠡᠭᠳᠡᠵᠦ ᠢᠷᠡᠭᠰᠡᠨ ᠵᠢᠷᠣᠭᠲᠣ ᠲᠣᠯᠪᠤ ᠶᠢ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ  ᠪᠠᠶᠢᠴᠠᠭᠠᠬᠤ ᠪᠠ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ  ᠦᠨᠡᠨ ᠬᠦ ᠬᠠᠮᠢᠶᠠᠷᠤᠨ ᠡᠵᠡᠮᠳᠡᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ  ᠶᠡᠷᠣᠩᠬᠡᠶᠢᠯᠡᠨ ᠵᠠᠰᠠᠬᠤ ᠲᠥᠷᠥᠯ  ᠵᠦᠢᠯ ᠢ ᠬᠡᠷᠡᠭᠵᠢᠭᠦᠯᠵᠦ᠂ ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠦᠯᠢᠶᠣᠣ ᠪᠦᠷᠬᠦᠪᠴᠢ ᠶᠢ ᠵᠤᠵᠠᠭᠠᠷᠠᠭᠤᠯᠬᠤ᠂ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠣᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ᠬᠠᠲᠤᠨ ᠭᠤᠤᠯ ᠤᠨ ᠰᠠᠪᠠ ᠭᠠᠵᠠᠷ ᠤᠨ ᠰᠡᠷᠡᠮᠵᠢᠯᠡᠭᠦᠯᠬᠦ ᠬᠦᠮᠦᠵᠢᠯ ᠤᠨ ᠹᠢᠯᠢᠮ ᠪᠠ ᠲᠣᠰᠬᠠᠶᠢᠯᠠᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠬᠠᠭᠤᠴᠢᠨ ᠲᠠᠩᠰᠠ ᠶᠢ ᠠᠯᠬᠤᠮ ᠠᠯᠬᠤᠮ ᠢᠶᠠᠷ ᠳᠠᠭᠤᠰᠬᠠᠵᠤ᠂ ᠰᠢᠨ᠎ᠡ ᠲᠠᠩᠰᠠ ᠶᠢ ᠣᠭᠲᠣ ᠨᠡᠮᠡᠭᠳᠡᠭᠦᠯᠬᠦ ᠥᠬᠡᠶ ᠪᠠᠶᠢᠬᠤ ᠶᠢ ᠪᠠᠲᠤᠯᠠᠨ᠎ᠠ᠃     ᠭᠤᠷᠪᠠ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠶᠢ ᠠᠬᠢᠭᠤᠯᠤᠨ᠂ 5 ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ  ᠦᠢᠯᠡᠳᠪᠦᠷᠢᠯᠡᠬᠦ ᠵᠢᠰᠢᠶ᠎ᠡ ᠦᠵᠡᠭᠦᠯᠬᠦ ᠨᠢᠭᠡᠴᠢ ᠶᠢ ᠰᠢᠨ᠎ᠡ ᠪᠠᠷ ᠨᠡᠮᠡᠭᠳᠡᠭᠦᠯᠦᠨ᠎ᠡ᠃ ︽ᠬᠡᠨ ᠨᠡᠭᠡᠭᠡᠨ ᠮᠠᠯᠳᠠᠪᠠᠯ᠂ ᠬᠡᠨ ᠵᠠᠰᠠᠵᠤ᠂ ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠨᠡᠭᠡᠭᠡᠨ ᠮᠠᠯᠲᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠣᠬᠢᠷᠲᠤᠯ ᠥᠬᠡᠶ ᠠᠭᠤᠷᠬᠠᠶ ᠶᠢ 2 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠪᠥᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ ᠤᠨ  ᠣᠶᠢᠯᠠᠭᠠᠭᠳᠠᠬᠤᠨ ᠢ ᠶᠡᠭᠡ ᠪᠠᠷ ᠰᠠᠨᠠᠭᠠᠴᠢᠯᠠᠵᠤ᠂ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃     ︵ᠳᠥᠷᠪᠡ︶ ᠬᠤᠲᠠ ᠬᠥᠳᠡᠭᠡ ᠶᠢᠨ ᠠᠭᠤᠰᠤᠯᠴᠠᠯ ᠢ ᠴᠥᠬᠦᠷᠡᠰᠢ ᠥᠬᠡᠶ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠲᠥᠷᠥᠯ ᠤᠨ ᠡᠯᠧᠮᠧᠨ᠋ᠲ ᠤᠨ ᠬᠤᠤᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠦᠨ᠎ᠡ᠃     ᠨᠢᠭᠡ ᠳᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠰᠤᠮᠤ ᠪᠠᠯᠭᠠᠰᠤ᠂ ᠮᠠᠯ ᠲᠠᠷᠢᠶᠠᠯᠠᠩ ᠵᠢᠭᠠᠰᠤᠨ ᠲᠠᠯᠠᠪᠠᠢ ᠶᠢᠨ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠶᠢ ᠪᠡᠶᠡᠯᠡᠭᠦᠯᠵᠦ᠂ ᠪᠦᠬᠦ ᠬᠤᠰᠢᠭᠤᠨ ᠤ ᠲᠥᠯᠥᠪᠵᠢᠭᠦᠯᠭᠡ ᠶᠢᠨ ︽ᠵᠢᠷᠤᠭ︾ ᠢ  ᠵᠢᠷᠣᠭᠯᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠭᠤᠷᠪᠠᠨ ᠣᠷᠣᠨ ᠵᠠᠢ ᠭᠤᠷᠪᠠᠨ ᠱᠤᠭᠤᠮ︾ ᠤᠨ ᠬᠠᠷᠢᠶ᠎ᠠ ᠭᠠᠵᠠᠷ ᠤᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠣ᠂ ᠰᠤᠮᠤ ᠪᠠᠯᠭᠠᠰᠤᠨ ᠤ ᠲᠠᠷᠢᠶᠠᠨ ᠭᠠᠵᠠᠷ ᠢ ᠲᠠᠲᠠᠪᠤᠷᠢᠯᠠᠨ ᠬᠡᠷᠡᠭᠯᠡᠬᠦ ᠵᠡᠷᠭᠡ ᠬᠢᠨᠠᠨ ᠵᠥᠪᠰᠢᠶᠡᠷᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ ᠭᠠᠵᠠᠷ ᠬᠡᠷᠡᠭᠯᠡᠬᠦ ᠶᠢ ᠴᠢᠩᠳᠠᠯᠠᠵᠤ᠂ ᠠᠮᠢ ᠠᠬᠤᠶ ᠶᠢᠨ ᠬᠠᠮᠠᠭᠠᠯᠠᠯᠲᠠ ᠪᠠ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠲᠦᠷᠦᠯ ᠤᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠵᠦ᠂ ᠪᠦᠬᠦ ᠣᠷᠣᠨ ᠪᠦᠰᠡ ᠶᠢ ᠬᠠᠮᠤᠷᠤᠭᠰᠠᠨ᠂ ᠤᠯᠠᠨ ᠲᠥᠯᠥᠪᠵᠢᠭᠦᠯᠭᠡ ᠶᠢ ᠨᠢᠭᠡᠳᠬᠡᠭᠰᠡᠨ ᠲᠥᠯᠥᠪᠵᠢᠭᠦᠯᠭᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠤᠶᠠᠷ ᠲᠤ᠂ ᠬᠤᠲᠠ ᠶᠢᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠲᠥᠬᠦᠷᠵᠢᠭᠦᠯᠬᠦ ᠶᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠵᠠᠮ᠂ ᠡᠮᠦᠨ᠎ᠡ ᠲᠣᠭᠤᠷᠢᠯ ᠵᠠᠮ ᠤᠨ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠢ 1.5 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠠᠭᠤᠴᠢᠨ ᠬᠤᠲᠠ ᠲᠣᠭᠤᠷᠢᠭ ᠤᠨ ᠤᠰᠤ ᠵᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠰᠶᠢᠳᠪᠦᠷᠢᠯᠡᠬᠦ  ᠦᠢᠯᠡᠳᠪᠦᠷᠢ ᠶᠢᠨ ᠳᠤᠮᠳᠠᠬᠢ  ᠪᠣᠬᠢᠷᠳᠣᠯ ᠦᠬᠡᠢ ᠤᠰᠤ ᠪᠣᠯᠭᠠᠬᠤ ᠬᠤᠭᠤᠯᠠᠢ ᠶᠢᠨ ᠲᠣᠣᠷ ᠢ 2.2 ᠺᠢᠯᠣᠮᠧᠲᠷ ᠳᠡᠪᠢᠰᠴᠦ᠂ ᠣᠷᠠᠳ ᠤᠨ ᠴᠠᠬᠢᠯᠭᠠᠨ ᠦᠢᠯᠡᠳᠪᠦᠷᠢ ᠶᠢᠨ ᠲᠣᠮᠳᠠᠬᠢ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠤᠷᠠᠳ ᠶᠡᠭᠡ ᠵᠡᠭᠡᠯᠢ ᠶᠢᠨ ᠪᠠᠷᠠᠭᠤᠨ ᠬᠡᠰᠡᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ 1.9 ᠺᠢᠯᠣᠮᠧᠲᠷ ᠰᠢᠨ᠎ᠡ ᠪᠠᠷ  ᠪᠠᠶᠢᠭᠤᠯᠵᠤ᠂ ᠬᠠᠭᠤᠴᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳᠤᠯᠠᠭᠠᠯᠠᠭ᠎ᠠ ᠶᠢᠨ ᠶᠠᠰᠤ ᠴᠢᠨᠠᠷ ᠢ  ᠦᠨᠡᠨ ᠬᠦ ᠰᠠᠶᠢᠵᠢᠷᠠᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠶᠢᠨ ᠢᠵᠢ ᠪᠦᠷᠢᠳᠦᠭᠦᠯᠬᠦ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠶᠢ ᠲᠦᠷᠭᠡᠳᠭᠡᠵᠦ᠂ ᠠᠶᠠᠨᠴᠢᠳ ᠤᠨ ᠳᠥᠭᠦᠮ ᠲᠦᠳᠡ ᠶᠠᠪᠤᠵᠤ ᠰᠠᠭᠤᠬᠤ ᠶᠢ ᠪᠠᠲᠤᠯᠠᠨ᠎ᠠ᠃ ᠰᠤᠷᠭᠠᠨ ᠬᠥᠮᠦᠵᠢᠯ ᠤᠨ ᠵᠠᠮ ᠠᠴᠠ ᠤᠯᠤᠰ ᠲᠥᠷᠥ ᠬᠠᠤᠯᠢ ᠴᠠᠭᠠᠵᠠ ᠶᠢᠨ ᠵᠠᠮ ᠵᠡᠷᠭᠡ ᠬᠤᠲᠠ ᠲᠣᠭᠤᠷᠢᠭ ᠤᠨ ᠮᠤᠬᠤᠷ ᠵᠠᠮ ᠢ ᠨᠡᠪᠲᠡᠷᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ︽ᠡᠷᠬᠢᠵᠤ ᠲᠣᠭᠤᠷᠢᠵᠤ ᠲᠦᠭᠵᠢᠷᠡᠬᠦ︾ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠴᠢᠶᠠᠨ ᠶᠤᠸᠠᠨ ᠰᠢᠨ᠎ᠡ ᠲᠣᠭᠤᠷᠢᠭ᠂ ᠾᠧᠩ ᠢᠦᠢ ᠳᠥᠷᠪᠡᠨ ᠤᠯᠠᠷᠢᠯ ᠬᠤᠲᠠ ᠶᠢᠨ ᠬᠤᠶᠠᠳᠤᠭᠠᠷ ᠬᠤᠭᠤᠴᠠᠭ᠎ᠠ ᠵᠡᠷᠭᠡ ᠣᠷᠣᠨ ᠰᠠᠭᠤᠴᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂  ᠯᠢ ᠰᠢᠶᠠᠩ ᠣᠷᠣᠨ ᠰᠠᠭᠤᠴᠠ ᠶᠢᠨ ᠲᠣᠭᠤᠷᠢᠭ᠂ ᠵᠧᠩ ᠶᠠᠩ ᠴᠡᠴᠡᠷᠯᠢᠭ ᠵᠡᠷᠭᠡ 7 ᠬᠠᠭᠤᠴᠢᠨ ᠣᠷᠣᠨ ᠰᠠᠭᠤᠴᠠ ᠶᠢᠨ  ᠲᠣᠭᠤᠷᠢᠭ  ᠢ ᠰᠢᠨᠡᠳᠬᠡᠨ ᠵᠠᠰᠠᠬᠤ ᠶᠢ ᠬᠡᠷᠡᠭᠵᠢᠭᠦᠯᠵᠦ᠂ ᠯᠢ ᠵᠢᠩ ᠰᠢᠨ᠎ᠡ ᠬᠤᠲᠠ ᠶᠢᠨ ᠡᠷᠭᠢᠨ ᠲᠣᠭᠤᠷᠢᠨ᠂ ᠰᠢᠩ ᠶᠧ ᠬᠤᠸᠠ ᠲᠢᠩ ᠤᠨ ᠡᠮᠦᠨ᠎ᠡ ᠵᠡᠷᠭᠡ 4 ᠢᠵᠢ ᠪᠦᠷᠢᠨ ᠪᠤᠰᠤ ᠣᠷᠣᠨ ᠰᠠᠭᠤᠴᠠ ᠶᠢ ᠰᠢᠨᠡᠳᠬᠡᠨ ᠵᠠᠰᠠᠬᠤ  ᠲᠥᠷᠥᠯ ᠵᠦᠢᠯ ᠢ  ᠪᠡᠶᠡᠯᠡᠬᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠡᠮᠦᠨ᠎ᠡ ᠲᠣᠭᠤᠷᠢᠯ ᠵᠠᠮ᠂ ᠳ᠋ᠦᠩ ᠱᠧᠩ ᠶᠡᠭᠡ ᠵᠡᠭᠡᠯᠢ ᠶᠢᠨ ᠪᠠᠷᠠᠭᠤᠨ ᠬᠡᠰᠡᠭ ᠵᠡᠷᠭᠡ  ᠶᠢ ᠲᠠᠲᠠᠪᠤᠷᠢᠯᠠᠨ ᠨᠤᠷᠠᠭᠠᠵᠤ ᠦᠯᠡᠳᠡᠭᠳᠡᠯ  ᠢᠨᠵᠧᠨᠧᠷᠢᠩ ᠢ ᠠᠬᠢᠭᠤᠯᠵᠤ᠂ ᠬᠤᠲᠠ ᠶᠢᠨ ᠲᠣᠭᠤᠷᠢᠭ ᠤᠨ ︽ᠬᠠᠪᠴᠢᠮᠠᠯ ᠭᠡᠷ︾ ᠢ ᠠᠯᠬᠤᠮ ᠠᠯᠬᠤᠮ ᠢᠶᠠᠷ ᠪᠠᠭᠠᠰᠬᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠲᠤ ᠳᠥᠭᠦᠮ ᠦᠵᠡᠭᠦᠯᠬᠦ 28 ᠦᠢᠯᠡᠴᠢᠯᠡᠭᠡᠨ ᠤ ᠴᠢᠭ ᠢ ᠲᠥᠯᠥᠪᠵᠢᠭᠦᠯᠦᠨ  ᠪᠠᠶᠢᠭᠤᠯᠵᠤ᠂ ᠶᠠᠪᠠᠭᠠᠨ ᠵᠠᠮ ᠤᠨ ᠬᠠᠲᠠᠭᠤᠷᠠᠯ ᠢ ᠦᠷᠭᠦᠯᠵᠢᠯᠡᠨ ᠰᠢᠨᠡᠳᠬᠡᠵᠦ᠂ ᠬᠤᠲᠠ ᠶᠢᠨ ᠳᠦᠷᠢ ᠲᠥᠷᠬᠦ ᠶᠢ ᠨᠠᠩ ᠴᠡᠪᠡᠷ ᠲᠡᠭᠰᠢ᠂ ᠣᠯᠠᠨ ᠲᠦᠮᠡᠨ ᠳᠤ ᠨᠠᠩ ᠳᠥᠭᠦᠮ ᠳᠥᠲᠡ ᠪᠣᠯᠭᠠᠨ᠎ᠠ᠃ 2 ᠲᠡᠷᠭᠡᠨ ᠵᠣᠭᠰᠣᠭᠠᠯ ᠢ ᠨᠡᠮᠡᠵᠦ ᠪᠠᠶᠢᠭᠤᠯᠤᠨ᠂ ᠣᠯᠠᠨ ᠲᠦᠮᠡᠨ ᠤ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ ᠢ ᠨᠠᠮᠳᠠᠭᠤᠯᠤᠨ᠎ᠠ᠃ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠶᠢ ᠴᠢᠩᠭ᠎ᠠ ᠨᠠᠶᠢᠳᠠᠪᠣᠷᠢᠵᠢᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠡᠵᠡᠯᠡᠨ ᠡᠵᠡᠩᠨᠡᠬᠦ᠂ ᠳᠦᠷᠢᠮ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂  ᠬᠤᠲᠠ ᠶᠢ ᠨᠠᠩ ᠠᠷᠢᠭᠤᠨ ᠴᠡᠪᠡᠷ ᠡᠮᠬᠢ ᠵᠢᠷᠤᠮ ᠲᠠᠢ ᠪᠣᠯᠭᠠᠨ᠎ᠠ᠃ ᠠᠳᠠᠯ ᠠᠬᠤᠢ ᠶᠢᠨ ᠠᠵᠤ  ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠯᠢᠳᠡᠭ  ᠶᠢ ᠨᠢ ᠣᠷᠣᠭᠤᠯᠵᠣ ᠪᠠᠭᠤᠷᠠᠢ ᠶᠢ ᠨᠢ ᠣᠭᠴᠠᠷᠠᠭᠤᠯᠬᠤ᠂ ᠠᠳᠠᠯ ᠠᠬᠤᠢ ᠶᠢᠨ  ᠦᠢᠯᠡᠴᠢᠯᠡᠬᠡᠨ ᠤ ᠬᠢᠷᠢ ᠬᠡᠮᠵᠢᠶ᠎ᠡ ᠶᠢ  ᠦᠨᠡᠨ ᠬᠦ ᠳᠡᠭᠡᠭᠰᠢᠯᠡᠭᠦᠯᠦᠨ᠎ᠡ᠃       ᠭᠤᠷᠪᠠ ᠳᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠳᠥᠷᠪᠡᠨ ᠨᠢᠭᠡ ᠪᠦᠯᠦᠭ︾ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠠᠯᠲᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠪᠠ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ᠂ ᠡᠷᠦᠬᠡ ᠳᠤ ᠬᠦᠷᠴᠦ ᠠᠵᠤ ᠦᠢᠯᠡᠰ᠂ ᠬᠤᠪᠢ ᠣᠷᠣᠭᠤᠯᠵᠤ ᠠᠰᠢᠭ ᠬᠤᠪᠢᠶᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂  ᠤᠰᠤᠨ ᠠᠰᠢᠭᠯᠠᠯᠲᠠ ᠤᠰᠤ ᠶᠢ ᠬᠠᠮᠠᠭᠠᠯᠠᠬᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠤᠨ ᠬᠦᠷᠢᠶᠡᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ  ᠲᠣᠭᠲᠠᠪᠣᠷᠢᠲᠠᠢ ᠪᠠᠷ ᠣᠷᠣᠯᠭ᠎ᠠ ᠣᠯᠬᠤ ᠶᠢ ᠪᠠᠲᠣᠯᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ 30 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠠᠷᠠᠴᠢᠯᠠᠨ ᠬᠠᠮᠠᠭᠠᠯᠠᠬᠤ ᠢᠨᠵᠧᠨᠧᠷᠢᠩ ᠢ 60 ᠺᠢᠯᠣᠮᠧᠲᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ 56 ᠺᠢᠯᠣᠮᠧᠲᠷ ᠰᠢᠨᠡᠳᠬᠡᠨ ᠥᠭᠡᠷᠡᠴᠢᠯᠡᠵᠦ᠂ ᠬᠥᠳᠡᠭᠡ ᠲᠣᠰᠬᠤᠨ ᠤ 145 ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ ᠣᠯᠠᠨ ᠲᠦᠮᠡᠨ ᠤ ᠣᠷᠣᠨ ᠰᠠᠭᠤᠴᠠ ᠪᠠ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨ ᠬᠦ ᠪᠠᠲᠤᠯᠠᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ 756 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ᠂ ᠪᠣᠬᠢᠷ ᠤᠰᠤ ᠶᠢ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠣᠨ᠎ᠠ᠃ ᠬᠥᠳᠡᠭᠡ ᠲᠣᠰᠬᠤᠨ ᠤ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠭᠠᠴᠠᠭ᠎ᠠ ᠲᠣᠰᠬᠤᠨ ᠤ ᠨᠠᠷᠢᠨ ᠲᠠᠩᠰᠠ ᠶᠢᠨ ᠲᠦᠷᠢᠮ᠂ ᠬᠤᠪᠢ ᠬᠤᠷᠠᠮᠳᠤᠭᠤᠯᠬᠤ ᠲᠦᠷᠢᠮ ᠢ ᠭᠦᠨᠵᠡᠭᠡᠶ ᠳᠡᠯᠭᠡᠷᠡᠭᠦᠯᠵᠦ᠂ ᠲᠤᠤᠷᠵᠢᠭᠤᠯᠤᠬᠰᠠᠨ ︽ᠪᠢᠴᠢᠯ ᠵᠠᠰᠠᠯᠳᠠ︾ ᠶᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠨ᠎ᠠ᠃ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠠᠰᠠᠷᠠᠬᠤ ᠶᠢ ᠬᠦᠩᠭᠡᠪᠴᠢᠯᠠᠵᠦ ᠤᠷᠤᠰᠢᠭᠤᠯᠬᠤ ᠶᠢ ᠬᠦᠨᠳᠣᠯᠡᠬᠦ᠂ ᠥᠨᠳᠥᠷ ᠦᠨ᠎ᠡ ᠪᠠᠷ ᠪᠣᠭᠳᠤᠯᠠᠬᠤ ᠵᠡᠷᠭᠡ ᠮᠠᠭᠤ ᠳᠠᠳᠬᠠᠯ ᠢ ᠬᠦᠴᠦ ᠣᠷᠣᠭᠤᠯᠤᠨ ᠴᠡᠭᠴᠡᠯᠡᠨ ᠵᠠᠰᠠᠵᠤ᠂ ︽ᠨᠠᠰᠤᠲᠠᠨ ᠢᠶᠠᠨ ᠬᠦᠨᠳᠦᠯᠡᠬᠦ ᠠᠴᠢᠯᠠᠯᠲᠤ ᠣᠳᠣᠨ︾᠂ ︽ᠬᠠᠮᠤᠭ ᠤᠨ ᠭᠤᠶᠤ ᠭᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠶᠣᠰᠣ ᠮᠣᠷᠠᠯ ᠢ ᠡᠷᠬᠢᠮᠯᠡᠨ ᠴᠠᠶᠢᠯᠭᠠᠨ ᠰᠡᠳᠬᠢᠯ ᠲᠠᠢ ᠪᠣᠯᠭᠠᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠨ᠎ᠠ᠃     ︵ᠲᠠᠪᠤ︶ ᠢᠮᠠᠭᠲᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ᠂ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ  ᠬᠦᠭᠵᠢᠭᠡᠨ᠎ᠡ᠃       ᠨᠢᠭᠡ ᠳᠤ᠂ ᠭᠠᠳᠠᠭᠠᠳᠤ ᠨᠡᠬᠡᠬᠡᠯᠳᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠢᠯᠦᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠢ ᠥᠷᠭᠡᠳᠬᠡᠨ᠎ᠡ᠃ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠰᠢᠭᠤᠨ ᠤ ᠭᠠᠳᠠᠨᠠᠬᠢ ᠰᠢᠯᠢᠳᠡᠭ ᠴᠢᠳᠠᠪᠤᠷᠢᠲᠠᠨ ᠢ ᠦᠷᠭᠦᠯᠵᠢᠯᠡᠨ ᠰᠢᠯᠢᠨ ᠰᠣᠩᠭᠤᠵᠤ ᠨᠤᠲᠤᠭ ᠲᠤ ᠪᠠᠨ ᠪᠣᠴᠠᠭᠠᠵᠤ ᠠᠵᠢᠯᠯᠠᠭᠤᠯᠤᠨ᠎ᠠ᠃ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ 320 ᠬᠥᠮᠦᠨ ᠠᠴᠠ ᠳᠡᠭᠡᠭᠰᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ︽ᠣᠷᠣᠭᠤᠯᠵᠤ ᠳᠡᠶᠢᠯᠬᠦ ᠂ ᠦᠯᠡᠳᠡᠭᠡᠵᠦ ᠳᠡᠶᠢᠯᠬᠦ︾ ᠶᠢ  ᠪᠡᠶᠡᠯᠡᠬᠦᠯᠦᠨ᠎ᠡ᠃      ᠬᠤᠶᠠᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠣᠯᠲᠠ ᠪᠠᠨ ᠴᠢᠩᠭᠠᠳᠬᠠᠬᠤ᠂ ᠡᠵᠡᠩᠨᠡᠯᠲᠡ ᠶᠢᠨ ᠣᠷᠣᠯᠭ᠎ᠠ ᠶᠢ ᠥᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ  ᠪᠠᠨ ᠬᠤᠪᠢᠷᠠᠭᠤᠯᠬᠤ᠂ ᠠᠵᠢᠯ ᠣᠯᠭᠤᠯᠲᠠ ᠬᠠᠩᠭᠠᠬᠤ ᠵᠡᠷᠭᠡ ᠬᠦᠷᠢᠶᠡᠨ ᠳᠤ ᠨᠡᠩ ᠶᠡᠭᠡ ᠦᠢᠯᠡᠳᠦᠯ ᠦᠵᠡᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠳᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠬᠦᠯᠵᠦ᠂ ᠮᠠᠯᠴᠢᠨ ᠲᠠᠷᠢᠶᠠᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢ ᠦᠨᠡᠨ ᠬᠦ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ᠂ ᠭᠠᠵᠠᠷ ᠣᠷᠣᠨ᠂ ᠬᠦᠷᠦᠩᠭᠡ᠂ ᠡᠳ᠋ ᠪᠣᠳᠠᠰ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠬᠥᠭᠵᠢᠭᠡᠵᠦ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠬᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠥᠷᠭᠡᠨ ᠣᠯᠠᠨ ᠲᠦᠮᠡᠨ ᠳᠤ ᠦᠨᠡᠨ ᠬᠦ ᠬᠦᠷᠲᠡᠭᠡᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢᠴᠢᠯ ᠥᠭᠡᠷᠡᠴᠢᠯᠡᠯᠲᠡ︾᠂ ︽ᠪᠢᠴᠢᠯ ᠰᠢᠨ᠎ᠡ ᠶᠢ ᠡᠭᠦᠳᠬᠦ︾ ᠶᠢ ᠵᠣᠷᠢᠭᠵᠢᠭᠤᠯᠤᠨ ᠥᠷᠨᠢᠭᠦᠯᠵᠦ᠂ ︽ᠪᠢᠴᠢᠯ ᠦᠭᠡᠷᠡᠴᠢᠯᠡᠯᠲᠡ︾  ᠪᠠᠷ ︽ᠶᠡᠭᠡ ᠠᠷᠠᠳ ᠤᠨ ᠠᠮᠢᠳᠤᠷᠠᠯ︾ ᠳᠤ ᠠᠰᠢᠭ ᠬᠦᠷᠲᠡᠭᠡᠬᠦ ᠪᠠᠷ ᠴᠢᠷᠮᠠᠶᠢᠵᠤ᠂ ︽ᠪᠠᠭ᠎ᠠ ᠭᠠᠷᠳᠠᠬᠤ ᠴᠡᠭ︾ ᠢᠶᠠᠷ ︽ᠶᠡᠭᠡ ᠰᠢᠪᠲᠤᠯᠤᠯᠲᠠ︾ ᠶᠢ ᠳᠠᠶᠢᠴᠢᠯᠠᠨ᠎ᠠ᠃      ᠭᠤᠷᠪᠠ ᠳᠤ᠂  ᠡᠷᠬᠢᠯᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠡᠩ ᠤᠯᠠᠨ ᠬᠦᠷᠢᠶᠡᠨ ᠳᠤ ᠨᠡᠩ ᠶᠡᠭᠡ ᠬᠡᠪᠴᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠪᠡᠶᠡᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠰᠦᠯᠵᠢᠶᠡᠨ ᠭᠠᠳᠠᠨ᠎ᠠ ︽ᠨᠢᠭᠡ ᠯᠡ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠠᠯᠬᠤᠮ ᠠᠯᠬᠤᠮ ᠢᠶᠠᠷ  ᠪᠡᠶᠡᠯᠡᠬᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ︽ᠨᠢᠭᠡ ᠨᠣᠮᠧᠷ ᠤᠨ ᠲᠦᠰᠦᠯ ᠢᠶᠠᠷ᠂ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠶᠢ ᠭᠦᠨᠵᠡᠭᠡᠶᠢᠷᠡᠭᠦᠯᠵᠦ᠂ ᠰᠶᠢᠳᠪᠦᠷᠢᠯᠡᠵᠦ ᠳᠠᠭᠤᠰᠬᠠᠬᠤ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠢᠷᠭᠡᠳ ᠬᠦᠰᠡᠯ ᠱᠠᠭᠠᠷᠳᠠᠯᠭ᠎ᠠ ᠲᠠᠢ ᠪᠣᠯ ᠵᠠᠪᠠᠯ ᠬᠠᠷᠢᠭᠤ ᠥᠭᠴᠦ᠂ ᠠᠷᠠᠳ ᠢᠷᠭᠡᠳ ᠬᠡᠷᠡᠭᠴᠡᠭᠡ ᠲᠠᠢ ᠪᠣᠯ ᠵᠠᠪᠠᠯ ᠬᠢᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠵᠢᠷᠤᠮᠵᠢᠭᠤᠯᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠨᠡᠩ ᠡᠷᠴᠢᠮ ᠲᠠᠢ ᠨᠡᠩ ᠳᠤᠯᠠᠭᠠᠴᠠᠭᠤᠯᠤᠨ᠎ᠠ᠃     ︵ᠵᠢᠷᠭᠤᠭ᠎ᠠ︶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠵᠣᠯ ᠵᠢᠷᠭᠠᠯᠲᠤ ᠭᠡᠷ ᠣᠷᠣᠨ ᠢ ᠴᠢᠷᠮᠠᠶᠢᠨ ᠪᠠᠶᠢᠭᠤᠯᠤᠨ᠎ᠠ᠃     ᠨᠢᠭᠡ ᠳᠤ᠂ ᠠᠵᠢᠯ ᠣᠯᠭᠤᠯᠲᠠ ᠶᠢ ᠭᠦᠢᠴᠡᠳ ᠬᠦᠴᠦᠯᠡᠨ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ  ᠠᠬᠢᠭᠤᠯᠵᠤ᠂ ᠲᠡᠭᠦᠰᠬᠦ ᠤᠶᠤᠲᠠᠨ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ᠂ ︽ᠳᠥᠷᠪᠡ ᠶᠢ ᠬᠦᠷᠭᠡᠬᠦ︾ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠤᠲᠠ ᠪᠠᠯᠭᠠᠰᠤᠨ ᠳᠤ 930 ᠬᠥᠮᠦᠨ ᠠᠴᠠ ᠳᠡᠭᠡᠭᠰᠢ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠢ 2.5 ᠲᠦᠮᠡ ᠠᠴᠠ ᠳᠡᠭᠡᠭᠰᠢ ᠬᠥᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠢ ᠰᠠᠶᠢᠲᠤᠷ ᠬᠡᠷᠡᠭᠯᠡᠵᠦ᠂ ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ︽ᠠᠵᠢᠯᠴᠢᠨ ᠡᠯᠰᠡᠬᠦ ᠳᠤ ᠬᠦᠴᠢᠷ︾ ︽ᠠᠵᠢᠯ ᠤᠯᠬᠤ ᠳᠤ ᠬᠦᠴᠢᠷ︾ ᠵᠥᠷᠢᠴᠡᠯ ᠢ ᠪᠦᠲᠦᠮᠵᠢᠲᠡᠶ ᠨᠠᠮᠳᠠᠭᠤᠯᠤᠨ᠎ᠠ᠃ ᠠᠯᠬᠤᠮ ᠠᠯᠬᠤᠮ ᠢᠶᠠᠷ ᠨᠡᠶᠢᠭᠡᠮ ᠲᠣᠭᠤᠷᠢᠭ ᠲᠡᠰᠢ ᠠᠵᠢᠯ ᠣᠯᠭᠤᠬᠤ ᠦᠢᠯᠡᠴᠢᠯᠡᠭᠡᠨ ᠤ ᠡᠬᠢ ᠪᠠᠶᠠᠯᠢᠭ ᠢ ᠤᠷᠲᠤᠳᠬᠠᠵᠤ᠂ ︽15 ᠮᠢᠨᠦ᠋ᠲ ᠤᠨ ᠠᠵᠢᠯ ᠣᠯᠭᠤᠬᠤ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠴᠢᠨᠠᠷ ᠰᠠᠶᠢᠲᠠᠶ ᠭᠦᠢᠴᠡᠳ ᠠᠵᠢᠯ ᠣᠯᠭᠤᠬᠤ ᠨᠡᠶᠢᠭᠡᠮ ᠲᠣᠭᠤᠷᠢᠭ 2 ᠢ ᠡᠭᠦᠳᠦᠨ ᠪᠠᠶᠢᠭᠤᠯᠤᠨ᠎ᠠ᠃      ᠬᠤᠶᠠᠷ ᠲᠤ ᠂ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠬᠤᠶᠠᠳᠤᠭᠠᠷ ᠪᠦᠷᠢᠨ ᠪᠠᠭ᠎ᠠ ᠰᠤᠷᠭᠠᠭᠤᠯᠢ᠂ ᠳᠣᠯᠣᠳᠤᠭᠠᠷ ᠪᠦᠷᠢᠨ ᠪᠠᠭ᠎ᠠ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠨᠢᠭᠡᠳᠦᠭᠡᠷ ᠬᠡᠤᠬᠡᠳ ᠤᠨ ᠴᠡᠴᠡᠷᠯᠢᠭ ᠤᠨ ᠬᠤᠪᠢᠶᠠᠷᠢ ᠴᠡᠴᠡᠷᠯᠢᠭ ᠢ ᠡᠬᠢᠯᠡᠨ ᠬᠡᠷᠡᠭᠯᠡᠵᠦ᠂ ᠾᠸᠢ ᠯᠢᠦ ᠽᠢ ᠬᠡᠤᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠤᠨ᠎ᠠ᠃ ︽ᠳᠥᠷᠪᠡᠨ ᠲᠦᠷᠦᠯ ᠤᠨ ᠥᠭᠡᠷᠡᠴᠢᠯᠡᠯᠲᠡ︾ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠪᠦᠯᠦᠭᠯᠡᠯ ᠢᠶᠠᠷ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠪᠠ ᠠᠰᠢᠭ ᠬᠦᠷᠲᠡᠬᠦ ᠬᠡᠪᠴᠢᠶ᠎ᠡ ᠶᠢ ᠥᠷᠭᠡᠳᠬᠡᠨ᠎ᠡ᠃ ᠨᠢᠭᠡᠳᠦᠭᠡᠷ ᠳᠤᠮᠳᠠᠳᠤ ᠰᠤᠷᠭᠠᠭᠤᠯᠢ ᠬᠢᠭᠡᠳ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠠᠩᠬ᠎ᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠢᠭᠡ ᠴᠣᠭᠴᠠᠵᠢᠭᠤᠯᠤᠨ ᠲᠤᠭᠤᠰᠢᠯᠠᠭᠤᠯᠬᠤ ᠬᠡᠯᠪᠡᠷᠢ ᠶᠢᠨ ᠬᠥᠮᠥᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠨᠢᠭᠡᠳᠦᠭᠡᠷ ᠳᠤᠮᠳᠠᠳᠤ ᠰᠤᠷᠭᠠᠭᠤᠯᠢ  ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠪᠠᠷ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ︽ᠲᠠᠪᠤᠨ ᠡᠩᠨᠡᠭᠡ︾ ᠶᠢ ᠰᠠᠶᠢᠲᠤᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠠᠷᠠᠲᠤ ᠰᠤᠷᠭᠠᠭᠤᠯᠢ ᠶᠢᠨ ᠵᠠᠬᠢᠷᠤᠯ᠂ ᠨᠠᠷᠠᠲᠤ ᠠᠩᠭᠢ ᠶᠢᠨ ᠡᠷᠬᠢᠯᠡᠭᠴᠢ᠂ ᠨᠠᠷᠠᠲᠤ ᠪᠠᠭᠰᠢ ᠶᠢ ᠬᠥᠮᠦᠵᠢᠭᠦᠯᠦᠨ᠎ᠡ᠃ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠬᠡᠷᠡᠭᠯᠡᠭᠡᠨ ᠤ ᠬᠡᠯᠪᠡᠷᠢ᠂ ᠮᠡᠷᠭᠡᠵᠢᠯ ᠤᠨ ᠬᠡᠯᠪᠡᠷᠢ ᠶᠢᠨ ᠨᠡᠩ ᠣᠯᠠᠨ ᠴᠢᠳᠠᠪᠤᠷᠢᠲᠠᠨ ᠢ ᠬᠥᠮᠦᠵᠢᠭᠦᠯᠦᠨ᠎ᠡ᠃     ᠭᠤᠷᠪᠠ ᠳᠤ᠂ ᠡᠷᠡᠭᠦᠯ ᠡᠩᠬᠡ ᠡᠮᠦᠨᠡᠲᠦ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠪᠠ ᠦᠢᠯᠡᠴᠢᠯᠡᠭᠡ ᠶᠢ ᠪᠠᠯᠭᠠᠰᠤ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ  ᠶᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠪᠣᠯᠭᠠᠨ ᠠᠬᠢᠭᠤᠯᠤᠨ᠎ᠠ᠃ ᠬᠢᠲᠠᠳ ᠡᠮᠨᠡᠯᠭᠡ ᠶᠢᠨ ᠲᠤᠰᠬᠠᠶ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠰᠤᠮᠤ ᠪᠠᠯᠭᠠᠰᠤᠨ ᠤ ᠬᠢᠲᠠᠳ ᠡᠮᠨᠡᠯᠭᠡ ᠶᠢᠨ ᠣᠷᠳᠣᠨ᠂ ᠬᠢᠲᠠᠳ ᠡᠮᠨᠡᠯᠭᠡ ᠶᠢᠨ  ᠭᠠᠵᠠᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠡᠩᠬᠡ ᠡᠮᠦᠨᠡᠲᠦ ᠬᠤᠰᠢᠭᠤᠨ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠡᠯ᠎ᠡ ᠲᠥᠷᠥᠯ ᠤᠨ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃     ᠳᠥᠷᠪᠡ ᠳᠤ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠵᠤ᠂ ᠬᠦᠴᠢᠷᠳᠡᠯᠲᠡᠶ ᠬᠥᠮᠦᠰ ᠢ 100% ᠪᠠᠷ ᠳᠠᠭᠠᠳᠬᠠᠯ ᠳᠤ ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ ᠠᠵᠢᠯ ᠠᠴᠠ ᠪᠠᠨ ᠪᠠᠭᠤᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠵᠠᠷᠤᠳᠠᠯ ᠢ ᠬᠡᠯᠲᠦᠷᠢᠭᠦᠯᠦᠨ᠎ᠡ᠃ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠠᠶᠢᠷ᠎ᠠ ᠬᠠᠯᠠᠮᠵᠢ ᠲᠠᠢ ᠪᠣᠯᠭᠠᠨ᠎ᠠ᠃ ︽ᠨᠢᠭᠡ ᠨᠠᠰᠤᠲᠠᠨ ᠨᠢᠭᠡ ᠨᠢᠯᠬ᠎ᠠ︾ ᠪᠠᠲᠤᠯᠠᠭ᠎ᠠ ᠶᠢᠨ ᠲᠣᠤᠷ ᠢ ᠪᠣᠢ ᠪᠣᠯᠭᠠᠵᠣ᠂ ᠮᠢᠩᠭᠠᠨ ᠬᠥᠮᠦᠨ ᠠᠮᠠ  ᠳᠤ ᠨᠡᠶᠢᠲᠡᠭᠦ ᠲᠤᠭ᠎ᠠ ᠶᠢ 4.5 ᠨᠣᠭᠳᠠᠭᠤᠯᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠲᠠᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃     ᠲᠠᠪᠤ ᠳᠤ᠂ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠯᠬᠢᠨ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠬᠤᠶᠠᠳᠤᠭᠠᠷ ᠳ᠋ᠢᠸᠢᠽᠢ ᠶᠢᠨ ᠶᠠᠮᠤᠨ ᠤ ᠪᠢᠩᠲ᠋ᠤᠸᠠᠨ ᠤ ᠰᠣᠶᠣᠯ ᠤᠨ ᠳᠡᠯᠭᠡᠨ ᠦᠵᠡᠭᠦᠯᠬᠦ ᠲᠢᠩᠬᠢᠮ ᠢ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠥᠨᠳᠦᠷᠯᠢᠭ ᠭᠠᠵᠠᠷ ᠢ ᠪᠠᠶᠢᠭᠤᠯᠤᠨ᠎ᠠ᠃ ᠪᠦᠬᠦ ᠤᠯᠤᠰ ᠤᠨ ᠣᠮᠪᠠᠭ᠋ᠣ᠂ ᠲᠣᠭᠤᠢ ᠣᠨᠣᠬᠤ᠂ ᠬᠦᠶᠦᠬᠦ ᠭᠤᠷᠪᠠᠨ ᠵᠦᠢᠯ ᠤᠨ ᠤᠷᠤᠯᠳᠤᠭᠠᠨ᠂ ᠪᠦᠬᠦ ᠣᠷᠣᠨ ᠤ ᠮᠣᠷᠢᠨ ᠮᠡᠷᠭᠡᠵᠢᠯ᠂ ᠰᠡᠯᠡᠮ᠎ᠡ ᠴᠣᠬᠢᠬᠤ᠂ ᠬᠠᠷᠪᠣᠭ᠎ᠠ᠂ ᠣᠮᠪᠠᠭ᠋ᠣ᠂ ᠬᠦᠶᠦᠬᠦ ᠲᠠᠪᠤᠨ ᠵᠦᠢᠯ ᠵᠡᠷᠭᠡ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ︽ᠠᠶᠠᠯᠭᠤᠲᠤ ᠵᠢᠭᠤᠯᠴᠢᠯᠠᠯ ᠦᠪᠦᠷ ᠮᠣᠩᠭᠤᠯ ︾ ᠰᠢᠷᠢᠰ ᠠᠵᠢᠯᠯᠠᠭ᠎ᠠ ᠶᠢ ᠪᠠᠶᠠᠯᠢᠭᠵᠢᠭᠤᠯᠤᠨ ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠠᠶᠢᠲᠣᠷ ᠦᠷᠨᠢᠬᠦᠯᠦᠨ᠎ᠡ᠃ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ᠂ ᠲᠠᠷᠢᠶᠠᠯᠠᠬᠤ ᠵᠡᠷᠭᠡ ᠰᠣᠶᠣᠯ ᠤᠨ ᠡᠬᠢ ᠪᠠᠶᠠᠯᠢᠭ ᠲᠠᠢ ᠤᠶᠠᠯᠳᠤᠭᠤᠯᠤᠨ᠂ ︽ᠬᠦᠳᠡᠭᠡ ᠲᠣᠰᠬᠤᠨ ᠤ ᠳᠠᠭᠤᠣ ᠬᠦᠭᠵᠢᠮ︾ ︽ᠬᠦᠳᠡᠭᠡ ᠲᠣᠰᠬᠤᠨ ᠤ ᠨᠠᠶᠢᠷ︾ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠲᠠᠪᠴᠠᠩ ᠢ ᠪᠠᠶᠢᠭᠤᠯᠤᠨ᠎ᠠ᠃ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ ᠠᠬᠢᠭᠤᠯᠵᠤ᠂ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠨ᠎ᠠ᠃ ᠬᠤᠲᠠ ᠬᠦᠳᠡᠭᠡ ᠶᠢᠨ ᠲᠠᠮᠢᠷ ᠤᠨ ᠲᠠᠯᠠᠪᠠᠢ᠂ ᠪᠡᠶ᠎ᠡ ᠴᠢᠭᠢᠷᠠᠭᠵᠢᠭᠤᠯᠬᠤ ᠲᠥᠪ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠬᠢᠭᠡᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃    ︵ᠳᠤᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠡᠷᠲᠡᠬᠡᠨ ᠰᠡᠷᠭᠡᠶᠢᠯᠡᠨ ᠰᠢᠢᠳᠪᠦᠷᠢᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ  ᠪᠠᠲᠣᠯᠠᠨ᠎ᠠ᠃     ᠨᠢᠭᠡ ᠳᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠦᠬᠦ ᠬᠦᠴᠦᠨ ᠢᠶᠠᠷ ᠢᠶᠠᠨ ᠪᠠᠬᠢᠵᠢᠬᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠡᠯ᠎ᠡ ᠨᠢᠭᠡᠴᠢ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ︽ᠠᠨᠠᠷ ᠤᠨ ᠦᠷ᠎ᠡ ᠰᠢᠭ ᠨᠢᠭᠲᠠᠷᠠᠨ᠂  ᠬᠦᠰᠡᠯ ᠵᠡᠬᠦᠳᠣ ᠪᠠᠨ ᠲᠡᠷᠭᠡᠯᠰᠢᠯᠡᠬᠦᠯᠬᠦ < ᠠᠷᠪᠠᠨ ᠨᠢᠭᠡ > < ᠠᠷᠪᠠᠨ ᠨᠢᠭᠡ >ᠭᠤᠣᠯ ᠱᠤᠭᠤᠮ ᠤᠨ ᠢᠨᠵᠧᠨᠧᠷᠢᠩ︾ ᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ︽< ᠠᠷᠪᠠᠨ ᠨᠢᠭᠡ >ᠨᠠᠢᠮᠠ ᠶᠢ ᠣᠷᠣᠭᠤᠯᠬᠤ + N ︾ ᠠᠵᠢᠯᠯᠠᠭ᠎ᠠ ᠶᠢ ᠡᠮᠬᠢ ᠵᠢᠷᠤᠮ ᠲᠠᠢ  ᠠᠬᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂  ︽ᠳᠥᠷᠪᠡ ᠶᠢ < ᠠᠷᠪᠠᠨ ᠨᠢᠭᠡ >ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠵᠢᠷᠭᠤᠭᠠᠨ  ᠦᠬᠦᠯᠡᠪᠦᠷᠢ ᠶᠢᠨ  ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠦᠰ ᠤᠨ < ᠠᠷᠪᠠᠨ ᠨᠢᠭᠡ >ᠰᠡᠳᠬᠢᠯ ᠳᠤ ᠨᠠᠩ ᠭᠦᠨ ᠬᠠᠳᠠᠩᠰᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠪᠦᠬᠦ < ᠠᠷᠪᠠᠨ ᠨᠢᠭᠡ >ᠬᠦᠴᠦᠨ ᠢᠶᠠᠷ ᠢᠶᠠᠨ ᠬᠠᠮᠠᠭᠠᠯᠠᠨ᠎ᠠ᠃< ᠠᠷᠪᠠᠨ ᠨᠢᠭᠡ >      ᠬᠤᠶᠠᠷ ᠲᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠬᠦ ᠬᠦᠴᠦᠨ ᠢᠶᠠᠷ ᠲᠡᠭᠦᠯᠳᠡᠷᠵᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ < ᠠᠷᠪᠠᠨ ᠨᠢᠭᠡ >ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠦᠷᠭᠡᠨ ᠲᠤᠰᠬᠠᠬᠤ ᠲᠣᠭᠲᠠᠴᠠ ᠶᠢ < ᠠᠷᠪᠠᠨ ᠨᠢᠭᠡ >ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠨ᠎ᠡ᠃ ᠰᠢᠨ᠎ᠡ ᠴᠠᠭ ᠦᠶ᠎ᠡ ᠶᠢᠨ ︽< ᠠᠷᠪᠠᠨ ᠨᠢᠭᠡ >ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂  ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ < ᠠᠷᠪᠠᠨ ᠨᠢᠭᠡ >ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠢ ᠠᠬᠢᠭᠤᠯᠵᠤ᠂ ᠵᠥᠷᠢᠴᠡᠯ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ < ᠠᠷᠪᠠᠨ ᠨᠢᠭᠡ >ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ  ᠠᠷᠢᠯᠭᠠᠵᠣ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ < ᠠᠷᠪᠠᠨ ᠨᠢᠭᠡ >ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ < ᠠᠷᠪᠠᠨ ᠨᠢᠭᠡ >ᠴᠢᠩᠭᠠᠳᠬᠠᠵᠤ᠂  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠨᠠᠰᠤᠨ ᠳᠤ ᠥᠯᠥ < ᠠᠷᠪᠠᠨ ᠨᠢᠭᠡ >ᠭᠦᠷᠦᠭᠰᠡᠳ ᠢ ᠬᠠᠮᠠᠭᠠᠯᠠᠬᠤ ᠵᠡᠷᠭᠡ ᠠᠵᠢᠯᠯᠠᠭ᠎ᠠ ᠶᠢ ᠴᠢᠩᠭ᠎ᠠ ᠠᠬᠢᠭᠤᠯᠵᠤ᠂ ᠱᠠᠯᠢᠭ ᠵᠠᠪᠬᠠᠶ᠂ ᠵᠣᠭᠤᠰ ᠨᠠᠭᠠᠳᠬᠤ᠂ ᠬᠤᠣᠷ ᠲᠠᠲᠠᠬᠤ᠂ ᠬᠠᠤᠯᠢ < ᠠᠷᠪᠠᠨ ᠨᠢᠭᠡ >ᠪᠤᠰᠤ ᠪᠠᠷ ᠪᠠᠯᠠ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ < ᠠᠷᠪᠠᠨ ᠨᠢᠭᠡ >ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠩ ᠥᠨᠳᠥᠷ ᠲᠦᠪᠰᠢᠨ ᠪᠥᠬᠦᠶ ︽ᠠᠮᠤᠷ ᠠᠮᠤᠭᠤᠯᠠᠩ ᠡᠮᠦᠨᠡᠲᠦ ᠬᠤᠰᠢᠭᠤ︾ ᠶᠢ ᠪᠥᠲᠥᠭᠡᠨ < ᠠᠷᠪᠠᠨ ᠨᠢᠭᠡ >ᠪᠠᠶᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠣᠷ ᠲᠦᠪᠰᠢᠨ ᠤ ᠰᠢᠰᠲ᠋ᠧᠮᠵᠢ ᠶᠢ < ᠠᠷᠪᠠᠨ ᠨᠢᠭᠡ >ᠲᠡᠭᠦᠯᠳᠡᠷᠵᠢᠭᠦᠯᠦᠨ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ < ᠠᠷᠪᠠᠨ ᠨᠢᠭᠡ >ᠠᠶᠤᠯ ᠦᠭᠡᠶ ᠶᠢ ᠬᠠᠮᠠᠭᠠᠯᠠᠨ᠎ᠠ᠃< ᠠᠷᠪᠠᠨ ᠨᠢᠭᠡ >     ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ᠠᠶᠤᠯᠭᠦᠢ < ᠠᠷᠪᠠᠨ ᠨᠢᠭᠡ >ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠩᠭᠡᠨ < ᠠᠷᠪᠠᠨ ᠨᠢᠭᠡ >ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠦᠨᠳᠦᠰᠦ ᠠᠴᠠ ᠨᠢ ᠵᠠᠰᠠᠬᠤ ᠶᠢ ᠭᠤᠣᠯᠳᠠᠭᠤᠯᠵᠤ᠂ ︽ᠭᠤᠷᠪᠠ ᠶᠢ ᠬᠠᠮᠢᠶᠠᠷᠬᠤ ᠭᠤᠷᠪᠠ ᠶᠢ < ᠠᠷᠪᠠᠨ ᠨᠢᠭᠡ >ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ < ᠠᠷᠪᠠᠨ ᠨᠢᠭᠡ >ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃  ᠪᠠᠴᠢᠮ ᠪᠠᠶᠢᠳᠠᠯ ᠢ < ᠠᠷᠪᠠᠨ ᠨᠢᠭᠡ >ᠠᠷᠭᠠᠴᠠᠬᠤ ᠵᠢᠯᠣᠭᠤᠳᠬᠤ ᠲᠥᠪ ᠢ ᠡᠬᠢᠯᠡᠭᠦᠯᠦᠨ ᠠᠵᠢᠯᠯᠠᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ < ᠠᠷᠪᠠᠨ ᠨᠢᠭᠡ >ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ ᠬᠦᠨᠳᠦ ᠶᠡᠭᠡ ᠣᠯᠠᠨ ᠨᠡᠶᠢᠲᠡ ᠶᠢᠨ ᠬᠡᠷᠡᠭ ᠤᠨ ᠪᠠᠴᠢᠮ < ᠠᠷᠪᠠᠨ ᠨᠢᠭᠡ >ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠩ ᠱᠠᠨ ᠺᠸᠤ ᠤᠰᠤᠨ ᠴᠥᠭᠦᠷᠥᠮ ᠤᠨ ᠠᠶᠤᠯ ᠢ < ᠠᠷᠪᠠᠨ ᠨᠢᠭᠡ >ᠠᠷᠢᠯᠭᠠᠨ ᠪᠠᠬᠢᠯᠡᠬᠦ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠰᠤ ᠭᠠᠩ ᠬᠠᠭᠰᠠᠷᠠᠭᠠᠨ ᠤ < ᠠᠷᠪᠠᠨ ᠨᠢᠭᠡ >ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠬᠢᠨᠠᠯᠲᠠ < ᠠᠷᠪᠠᠨ ᠨᠢᠭᠡ >ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠤᠨ ᠡᠳ᠋ ᠬᠥᠷᠥᠩᠭᠡ ᠶᠢ ᠢᠯᠭᠠᠷᠠᠭᠤᠯᠤᠨ < ᠠᠷᠪᠠᠨ ᠨᠢᠭᠡ >ᠬᠤᠷᠢᠶᠠᠵᠤ ᠰᠢᠢᠳᠪᠦᠷᠢᠯᠡᠬᠦ ᠶᠢ ᠬᠠᠤᠯᠢ ᠶᠣᠰᠣᠭᠠᠷ ᠯᠠᠪᠳᠠᠭᠤᠨ ᠢᠶᠠᠷ ᠠᠬᠢᠭᠤᠯᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠦᠯᠦ < ᠠᠷᠪᠠᠨ ᠨᠢᠭᠡ >ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠥᠷᠢ ᠥᠭᠴᠡᠭᠡ ᠶᠢ ᠬᠠᠮᠢᠶᠠᠷᠬᠤ ᠪᠡ ᠠᠷᠢᠯᠭᠠᠬᠤ ᠶᠢ ᠴᠢᠩᠭ᠎ᠠ ᠬᠡᠷᠡᠭᠵᠢᠬᠦᠯᠵᠦ᠂ ᠦᠷᠭᠦᠯᠵᠢᠯᠡᠯ < ᠠᠷᠪᠠᠨ ᠨᠢᠭᠡ >ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ < ᠠᠷᠪᠠᠨ ᠨᠢᠭᠡ >ᠪᠡᠶᠡᠯᠡᠭᠦᠯᠬᠦ ᠶᠢ ᠦᠨᠡᠨ ᠬᠦ ᠪᠠᠲᠣᠯᠠᠨ᠎ᠠ᠃ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ < ᠠᠷᠪᠠᠨ ᠨᠢᠭᠡ >ᠪᠠᠷᠢᠮᠲᠠᠯᠠᠵᠤ᠂ ᠪᠤᠰᠤᠳ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠠᠮᠤᠷ < ᠠᠷᠪᠠᠨ ᠨᠢᠭᠡ >ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃< ᠠᠷᠪᠠᠨ ᠨᠢᠭᠡ >     ︵ᠨᠠᠢᠮᠠ︶ ᠥᠨᠢ ᠤᠳᠠᠭᠠᠨ ᠴᠢᠷᠮᠠᠶᠢᠵᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ < ᠠᠷᠪᠠᠨ ᠨᠢᠭᠡ >︽ᠬᠠᠷᠢᠭᠤᠯᠤᠭᠴᠢ︾  ᠪᠣᠯᠣᠨ᠎ᠠ᠃ ᠡᠭᠦᠷᠭᠡ ᠴᠢᠳᠠᠪᠤᠷᠢ ᠪᠠᠨ ᠲᠦᠷᠭᠡᠨ ᠬᠤᠪᠢᠷᠠᠭᠤᠯᠵᠤ᠂ ᠰᠤᠷᠲᠠᠯ ᠢᠶᠠᠨ ᠰᠠᠶᠢᠵᠢᠷᠠᠭᠤᠯᠵᠤ᠂ ᠦᠷ᠎ᠡ ᠪᠦᠲᠦᠮᠵᠢ ᠪᠠᠨ < ᠠᠷᠪᠠᠨ ᠨᠢᠭᠡ >ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠬᠦ ᠬᠢᠷᠢ ᠲᠦᠪᠰᠢᠨ ᠢᠶᠠᠨ ᠴᠥᠬᠦᠷᠡᠰᠢ ᠦᠭᠡᠢ < ᠠᠷᠪᠠᠨ ᠨᠢᠭᠡ >ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃< ᠠᠷᠪᠠᠨ ᠨᠢᠭᠡ >     ᠨᠢᠭᠡ ᠳᠤ ᠤᠯᠤᠰ ᠲᠥᠷᠥ ᠶᠢᠨ ᠪᠠᠶᠢᠭᠤᠯᠤᠯᠲᠠ ᠶᠢ ᠨᠢᠭᠡᠳᠦᠭᠡᠷ ᠪᠠᠶᠢᠷᠢᠨ ᠳᠤ ᠲᠠᠯᠪᠢᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ < ᠠᠷᠪᠠᠨ ᠨᠢᠭᠡ >ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ < ᠠᠷᠪᠠᠨ ᠨᠢᠭᠡ >ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠯᠠᠪᠳᠠᠭᠤᠨ ᠪᠠᠲᠤᠲᠠᠶ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ < ᠠᠷᠪᠠᠨ ᠨᠢᠭᠡ >ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠣᠷᠣᠨ᠂ ᠬᠤᠲᠠ ᠶᠢᠨ ᠨᠠᠮ ᠤᠨ ᠬᠤᠷᠢᠶ᠎ᠠ < ᠠᠷᠪᠠᠨ ᠨᠢᠭᠡ >ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ < ᠠᠷᠪᠠᠨ ᠨᠢᠭᠡ >ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ < ᠠᠷᠪᠠᠨ ᠨᠢᠭᠡ >ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠬᠡᠯᠪᠠᠶᠢᠬᠦ ᠥᠬᠡᠶ᠂ ᠬᠤᠪᠢᠷᠠᠭᠤᠯᠬᠤ ᠥᠬᠡᠶ᠂ ᠥᠭᠡᠷᠡᠲᠦᠭᠦᠯᠬᠦ ᠥᠬᠡᠶ ᠪᠠᠶᠢᠬᠤ ᠶᠢ < ᠠᠷᠪᠠᠨ ᠨᠢᠭᠡ >ᠪᠠᠲᠤᠯᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠵᠠᠰᠠᠭ ᠤᠨ ᠣᠷᠳᠣᠨ ᠤ ᠠᠵᠢᠯ ᠤᠨ ᠲᠤᠯᠭᠠᠭᠤᠷᠢ  ᠪᠣᠯᠭᠠᠨ᠎ᠠ᠃< ᠠᠷᠪᠠᠨ ᠨᠢᠭᠡ >     ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠨᠢᠭᠡᠳᠦᠭᠡᠷ ᠪᠠᠷᠢᠮᠵᠢᠶ᠎ᠠ ᠪᠣᠯᠭᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ < ᠠᠷᠪᠠᠨ ᠨᠢᠭᠡ >ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ < ᠠᠷᠪᠠᠨ ᠨᠢᠭᠡ >ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ < ᠠᠷᠪᠠᠨ ᠨᠢᠭᠡ >ᠲᠠᠰ‌‍ᠲ᠋ᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ < ᠠᠷᠪᠠᠨ ᠨᠢᠭᠡ >ᠲᠣᠭᠤᠰᠢᠯᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ < ᠠᠷᠪᠠᠨ ᠨᠢᠭᠡ >ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ᠂ ᠲᠤᠭ᠎ᠠ < ᠠᠷᠪᠠᠨ ᠨᠢᠭᠡ >ᠪᠦᠷᠢᠳᠬᠡᠯ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ < ᠠᠷᠪᠠᠨ ᠨᠢᠭᠡ >ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠰᠠᠶᠢᠲᠤᠷ ᠬᠢᠨ᠎ᠡ᠃ < ᠠᠷᠪᠠᠨ ᠨᠢᠭᠡ >ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶᠢᠷᠡᠭᠦᠯᠵᠦ᠂ ︽ᠰᠢᠨ᠎ᠡ ᠳᠠᠷᠤᠭ᠎ᠠ ᠪᠠ ᠬᠠᠭᠤᠴᠢᠨ ᠳᠠᠩᠰᠠ︾ ᠶᠢ ᠦᠨᠡᠨ ᠬᠦ < ᠠᠷᠪᠠᠨ ᠨᠢᠭᠡ >ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ ᠳᠠᠭᠠᠭᠤᠯᠤᠨ᠎ᠠ᠃ ︽ᠨᠠᠢᠮᠠᠳᠤᠭᠠᠷ < ᠠᠷᠪᠠᠨ ᠨᠢᠭᠡ >ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ ᠬᠠᠤᠯᠢ ᠶᠢ < ᠠᠷᠪᠠᠨ ᠨᠢᠭᠡ >ᠬᠦᠨᠳᠦᠳᠬᠡᠬᠦ ᠬᠠᠤᠯᠢ ᠶᠢ ᠬᠡᠷᠡᠭᠯᠡᠬᠦ ᠬᠠᠤᠯᠢ ᠶᠢ ᠰᠠᠬᠢᠬᠤ ᠤᠬᠠᠮᠰᠠᠷ ᠢ ᠦᠨᠡᠨ ᠬᠦ ᠴᠢᠩᠭᠠᠳᠬᠠᠨ᠎ᠠ᠃< ᠠᠷᠪᠠᠨ ᠨᠢᠭᠡ >      ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢ ᠨᠢᠭᠡᠳᠦᠭᠡᠷ ᠤᠳᠤᠷᠢᠳᠤᠮᠵᠢ ᠪᠣᠯᠭᠠᠨ᠎ᠠ᠃ ︽ᠳᠣᠯᠤᠭ᠎ᠠ ᠶᠢ ᠲᠠᠶᠠᠭᠳᠠᠬᠤ︾< ᠠᠷᠪᠠᠨ ᠨᠢᠭᠡ > ᠶᠢ ᠡᠷᠡᠰ ᠪᠡᠶᠡᠯᠡᠭᠦᠯᠵᠦ᠂ ︽ᠬᠡᠯᠡᠭᠰᠡᠨ ᠦᠬᠡᠨ ᠳᠤ ᠪᠠᠨ  ᠰᠠᠭᠤᠬᠤ᠂ ᠲᠣᠭᠲᠠᠪᠠᠯ ᠬᠢᠬᠦ᠂ ᠬᠢᠪᠡᠯ ᠪᠦᠲᠦᠬᠦ︾ ᠰᠥᠰᠥ ᠵᠣᠷᠢᠭ ᠲᠠᠢ ᠪᠠᠶᠢᠵᠤ᠂ < ᠠᠷᠪᠠᠨ ᠨᠢᠭᠡ >ᠪᠡᠶ᠎ᠡ ᠪᠠᠷ ᠢᠶᠠᠨ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠥᠭᠵᠢᠯᠲᠡ ᠶᠢ ᠠᠬᠢᠭᠤᠯᠬᠤ < ᠠᠷᠪᠠᠨ ᠨᠢᠭᠡ >ᠠᠵᠢᠯᠯᠠᠭᠠᠨ ᠤ ᠪᠦᠯᠦᠭᠳᠡᠨ᠂ ᠪᠣᠳᠠᠲᠠᠢ ᠠᠵᠢᠯᠯᠠᠭᠴᠢ ᠪᠣᠯᠣᠨ᠎ᠠ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠨᠠᠷᠢᠨ ᠬᠢᠨᠠᠮᠠᠭᠠᠢ < ᠠᠷᠪᠠᠨ ᠨᠢᠭᠡ >ᠦᠢᠯᠡᠳᠦᠯᠭᠡᠵᠢᠭᠦᠯᠵᠦ᠂ ᠲᠠᠷᠢᠶᠠᠨ ᠭᠠᠵᠠᠷ᠂ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ < ᠠᠷᠪᠠᠨ ᠨᠢᠭᠡ >ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠤᠶᠤᠨ ᠤᠬᠠᠭᠠᠨ ᠢ ᠬᠤᠷᠠᠮᠳᠤᠭᠤᠯᠵᠤ᠂ < ᠠᠷᠪᠠᠨ ᠨᠢᠭᠡ >ᠠᠵᠢᠯ ᠤᠨ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ ᠶᠢ  ᠠᠬᠢᠭᠤᠯᠤᠨ᠎ᠠ᠃< ᠠᠷᠪᠠᠨ ᠨᠢᠭᠡ > ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠣᠳᠠᠭᠠᠨ︾ ᠢ ᠭᠦᠨᠵᠡᠭᠡᠶ ᠴᠡᠭᠴᠡᠯᠡᠨ ᠵᠠᠰᠠᠵᠤ᠂ ︽ᠵᠢᠷᠤᠮᠵᠢᠭᠤᠯᠬᠤ᠂ ᠪᠠᠭᠠᠰᠬᠠᠬᠤ᠂ ᠲᠦᠷᠭᠡᠳᠬᠡᠬᠦ < ᠠᠷᠪᠠᠨ ᠨᠢᠭᠡ >︾ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ ᠶᠠᠪᠤᠳᠠᠯ ᠤᠨ ᠴᠢᠨᠠᠷᠲᠠᠶ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠠᠩ ᠣᠯᠠᠨ < ᠠᠷᠪᠠᠨ ᠨᠢᠭᠡ >ᠣᠶᠤᠨ ᠴᠢᠳᠠᠯ ᠢᠶᠠᠨ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠦᠨ᠎ᠡ᠃< ᠠᠷᠪᠠᠨ ᠨᠢᠭᠡ >      ᠲᠦᠷᠪᠡ ᠳᠤ ᠠᠷᠢᠭᠤᠨ ᠴᠢᠬᠡᠴᠢ ᠪᠠᠶᠢᠬᠤ ᠶᠢ ᠨᠢᠭᠡᠳᠦᠭᠡᠷ ᠰᠠᠬᠢᠯᠭ᠎ᠠ ᠪᠠᠲᠤ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ < ᠠᠷᠪᠠᠨ ᠨᠢᠭᠡ >ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ < ᠠᠷᠪᠠᠨ ᠨᠢᠭᠡ >ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ < ᠠᠷᠪᠠᠨ ᠨᠢᠭᠡ >ᠦᠨᠡᠨ ᠬᠦ ᠬᠥᠩᠭᠡᠷᠡᠭᠦᠯᠦᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ < ᠠᠷᠪᠠᠨ ᠨᠢᠭᠡ >ᠠᠬᠢᠭᠤᠯᠵᠤ᠂ ᠣᠷᠣᠰᠢᠭᠤᠯᠭ᠎ᠠ ᠶᠢᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠣᠯᠠᠨ ᠨᠡᠶᠢᠲᠡ ᠶᠢᠨ < ᠠᠷᠪᠠᠨ ᠨᠢᠭᠡ >ᠡᠬᠢ ᠪᠠᠶᠠᠯᠢᠭ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ < ᠠᠷᠪᠠᠨ ᠨᠢᠭᠡ >ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠡᠷᠡᠰ ᠴᠡᠭᠴᠡᠯᠡᠨ ᠵᠠᠰᠠᠨ᠎ᠠ᠃ < ᠠᠷᠪᠠᠨ ᠨᠢᠭᠡ >ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂  ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ < ᠠᠷᠪᠠᠨ ᠨᠢᠭᠡ >ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠡ᠃ ︽ᠠᠷᠪᠢᠲᠠᠢ ᠭᠠᠮᠲᠠᠢ ᠠᠮᠢᠳᠤᠷᠠᠬᠤ︾ ᠳᠠᠳᠬᠠᠯ ᠲᠠᠢ ᠪᠣᠯᠭᠠᠵᠣ᠂  ︽ᠭᠤᠷᠪᠠᠨ ᠵᠦᠢᠯ ᠤᠨ ᠠᠯᠪᠠᠨ ᠤ < ᠠᠷᠪᠠᠨ ᠨᠢᠭᠡ >ᠵᠠᠷᠤᠳᠠᠯ︾ ᠪᠠ ᠲᠦᠷ ᠬᠤᠶᠢᠰᠢᠯᠠᠭᠤᠯᠬᠤ ᠪᠤᠶᠤ ᠬᠠᠰᠣᠵᠣ ᠪᠣᠯᠬᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ ᠮᠥᠩᠭᠦ ᠶᠢ < ᠠᠷᠪᠠᠨ ᠨᠢᠭᠡ >ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠲᠤ ᠬᠡᠷᠡᠭᠯᠡᠨ᠎ᠡ᠃< ᠠᠷᠪᠠᠨ ᠨᠢᠭᠡ >      ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ < ᠠᠷᠪᠠᠨ ᠨᠢᠭᠡ >ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ < ᠠᠷᠪᠠᠨ ᠨᠢᠭᠡ >ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠤ < ᠠᠷᠪᠠᠨ ᠨᠢᠭᠡ >ᠤᠶᠤᠨ ᠤᠬᠠᠭᠠᠨ ᠢ ᠨᠢᠭᠲᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠨᠢᠭᠲᠠᠷᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ < ᠠᠷᠪᠠᠨ ᠨᠢᠭᠡ >ᠡᠷᠡᠮᠡᠬᠡᠶᠢᠯᠡᠨ ᠤᠷᠤᠭᠰᠢᠯᠠᠵᠤ᠂ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕                       
ᠢᠷᠡᠯᠲᠡ᠄ ᠦᠪᠦᠷ ᠮᠣᠩᠭᠤᠯ ᠤᠨ ᠵᠠᠰᠠᠭ  ᠤᠨ ᠣᠷᠳᠤᠨ ᠤ ᠮᠣᠩᠭᠤᠯ ᠰᠦᠯᠵᠢᠶ᠎ᠡ