ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ ᠬᠤᠰᠢᠭᠤᠨ ᠤ ᠬᠥᠮᠦᠨ ᠢ ᠬᠥᠮᠦᠵᠢᠭᠦᠯᠵᠦ ᠪᠣᠯᠪᠠᠰᠤᠷᠠᠭᠤᠯᠬᠤ ᠰᠤᠷᠭᠠᠭᠤᠯᠢ ᠶᠢᠨ 167 ᠪᠠᠭᠰᠢ | ᠰᠣᠷᠣᠭᠴᠢ᠂ ᠬᠡᠷ ᠤᠨ ᠠᠬᠠᠮᠠᠳ ᠠᠴᠠ ᠴᠠᠭᠳᠠᠭᠠᠨ ᠤ ᠬᠤᠸᠠᠷᠠᠨ ᠤ ᠰᠣᠶᠣᠯ ᠤᠨ ᠠᠵᠢᠯᠯᠠᠬᠤ ᠲᠠᠰᠤᠭ ᠤᠨ ᠪᠣᠷᠣᠲᠣᠬᠤᠶ ᠴᠠᠭᠠᠰᠤᠨ ᠬᠠᠶᠢᠴᠢᠯᠠᠮᠠᠯ ᠤᠨ | ᠰᠤᠷᠭᠠᠯᠲᠠ ᠶᠢᠨ ᠭᠠᠵᠠᠷ ᠢᠶᠠᠷ ᠲᠣᠭᠤᠷᠢᠨ ᠦᠵᠡᠵᠦ ᠰᠤᠷᠤᠯᠴᠠᠭᠰᠠᠨ ᠪᠥᠭᠡᠳ ᠪᠣᠳᠠᠲᠠᠶ ᠪᠣᠯᠪᠠᠰᠤᠷᠠᠯ ᠬᠢᠪᠠ᠃ ᠡᠨᠡ ᠪᠣᠯ ᠨᠢᠭᠡ ᠪᠦᠯᠦᠭ ᠡᠯ᠎ᠡ | ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠢᠶᠠᠷ ᠪᠦᠷᠢᠯᠳᠦᠭᠰᠡᠨ ᠪᠦᠯᠬᠦᠮ ᠮᠥᠨ᠂ ᠲᠣᠰ ᠰᠤᠷᠭᠠᠭᠤᠯᠢ ᠨᠢ ᠲᠤᠬᠠᠶ ᠶᠢᠨ ᠭᠠᠵᠠᠷ ᠤᠨ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠤᠷ᠎ᠠ ᠮᠡᠷᠭᠡᠵᠢᠯ ᠢ ᠴᠢᠬᠤᠯᠠᠴᠢᠯᠠᠵᠤ᠂ ᠠᠩᠬ᠎ᠠ ᠤᠳᠠᠭ᠎ᠠ ᠪᠠᠭᠰᠢ ᠰᠤᠷᠤᠭᠴᠢ᠂ ᠬᠡᠷ ᠤᠨ | ᠠᠬᠠᠮᠠᠳ ᠢ ᠳᠠᠭᠠᠭᠤᠯᠤᠨ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠮᠡᠳᠡᠷᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠥᠷᠭᠡᠨ | ᠳᠡᠯᠭᠡᠷ ᠭᠦᠨ ᠭᠦᠨᠵᠡᠭᠡᠶ ᠪᠠᠶᠢᠬᠤ ᠶᠢ ᠪᠡᠶᠡᠴᠢᠯᠡᠨ ᠣᠶᠢᠯᠠᠭᠠᠪᠠ᠃ | ᠪᠠᠭᠰᠢ ᠰᠤᠷᠤᠭᠴᠢ᠂ ᠭᠡᠷ ᠤᠨ ᠠᠬᠠᠮᠠᠳ ᠠᠴᠠ᠂ ᠵᠤᠤ ᠬᠤᠢ ᠫᠢᠩ ᠪᠠᠭᠰᠢ ᠶᠢᠨ ᠭᠤᠶᠤ ᠰᠠᠶᠢᠬᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢ | ᠰᠣᠨᠢᠷᠬᠠᠬᠤ ᠶᠢᠨ ᠬᠠᠮᠲᠣ ᠲᠠᠭᠠᠨ ᠨᠠᠷᠢᠨ ᠨᠢᠮᠪᠡᠢ ᠲᠠᠭᠠᠨ ᠰᠣᠷᠣᠯᠴᠠᠵᠣ ᠦᠪᠡᠷ ᠦᠪᠡᠷ ᠤᠨ ᠭᠤᠶᠣ ᠰᠠᠶᠢᠬᠠᠨ ᠪᠦᠲᠦᠭᠡᠯ ᠢᠶᠠᠨ ᠬᠢᠪᠡ᠃ ᠲᠣᠰ | ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠪᠣᠯ ᠬᠥᠮᠦᠨ ᠢ ᠬᠥᠮᠦᠵᠢᠭᠦᠯᠵᠦ ᠪᠣᠯᠪᠠᠰᠤᠷᠠᠭᠤᠯᠬᠤ ᠰᠤᠷᠭᠠᠭᠤᠯᠢ ᠬᠢᠭᠡᠳ ᠪᠣᠳᠠᠰ ᠤᠨ | ᠪᠤᠰᠤ ᠰᠣᠶᠣᠯ ᠤᠨ ᠥᠪ ᠤᠨ ᠲᠥᠪ ᠤᠨ ᠠᠩᠬᠠᠳᠤᠭᠠᠷ ᠤᠳᠠᠭᠠᠨ ᠤ ᠬᠠᠮᠲᠤᠷᠠᠯᠴᠠᠭ᠎ᠠ ᠮᠥᠨ᠂ 2025 ᠣᠨ ᠤ ᠤᠯᠠᠮᠵᠢᠯᠠᠯᠲᠤ ᠰᠣᠶᠣᠯ ᠤᠨ ᠰᠤᠷᠭᠠᠨ | ᠬᠥᠮᠦᠵᠢᠯ ᠤᠨ ᠴᠢᠬᠤᠯᠠ ᠠᠯᠬᠤᠮ ᠢ ᠡᠬᠢᠯᠡᠭᠦᠯᠬᠦ ᠶᠠᠪᠤᠳᠠᠯ ᠪᠣᠯᠤᠨ᠎ᠠ᠃ ᠰᠤᠷᠭᠠᠭᠤᠯᠢ ᠶᠢᠨ ᠬᠢᠨ ᠰᠤᠷᠤᠭᠴᠢᠳ ᠢ ᠵᠣᠬᠢᠶᠠᠨ ᠪᠠᠶᠢᠭᠤᠯᠵᠤ ᠪᠣᠳᠠᠰ ᠤᠨ | ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠳᠤ ᠣᠷᠣᠯᠴᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠵᠠᠯᠭᠠᠮᠵᠢᠯᠠᠬᠤ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠤᠨ ᠤᠯᠠᠮᠵᠢᠯᠠᠯᠲᠤ ᠰᠣᠶᠣᠯ ᠤᠨ ᠲᠤᠬᠠᠢ ᠳᠤᠷ᠎ᠠ ᠰᠣᠨᠢᠷᠬᠠᠯ ᠢ ᠬᠦᠭᠵᠢᠬᠡᠨ᠂ | ᠰᠣᠶᠣᠯ ᠤᠨ ᠢᠲᠡᠭᠡᠯ ᠢ ᠨᠡᠮᠡᠭᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠠᠯᠠᠭᠤᠴᠤᠳ | ᠪᠠᠭᠠᠴᠤᠳ ᠤᠨ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ ᠃ |