2 ᠰᠠᠷ᠎ᠠ ᠶᠢᠨ 19 ᠤ ᠡᠳᠦᠷ᠂ ᠤᠷᠠᠳ ᠤᠨ ᠡᠮᠦᠨᠡᠲᠦ ᠬᠤᠰᠢᠭᠤ 2025 ᠣᠨ ᠤ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠠᠩᠬᠠᠳᠤᠭᠠᠷ ᠬᠤᠷᠠᠯ ᠵᠢᠴᠢ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | | | | | ᠬᠤᠰᠢᠭᠤᠨ ᠤ ᠤᠳᠤᠷᠢᠳᠤᠯᠭ᠎ᠠ ᠶᠠᠩ ᠭᠧᠨ ᠬᠤ᠋᠂ ᠯᠢᠦ ᠢᠦᠶ ᠵᠢᠴᠢ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠡᠷᠡᠭ ᠢ | ᠳᠠᠭᠠᠭᠠᠴᠢᠯᠠᠭᠰᠠᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ | ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠨᠢᠭᠡᠴᠢ᠂ ᠬᠤᠰᠢᠭᠤᠨ ᠳᠤ ᠰᠠᠭᠤᠭ᠎ᠠ ᠬᠡᠰᠡᠭ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠬᠤᠷᠠᠯ ᠠᠴᠠ 2024 ᠣᠨ ᠪᠠ 2025 ᠣᠨ ᠤ 1 —2 ᠰᠠᠷ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠪᠥᠬᠦ ᠬᠤᠰᠢᠭᠤᠨ ᠤ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠪᠡ︔ ᠣᠷᠣᠨ᠂ ᠬᠤᠲᠠ ᠶᠢᠨ ᠪᠥᠬᠦ ᠤᠯᠤᠰ ᠤᠨ ︽ᠬᠤᠶᠠᠷ ᠬᠤᠷᠠᠯ︾ ᠤᠨ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠥᠬᠦ ᠤᠯᠤᠰ ᠤᠨ ︽ᠬᠤᠶᠠᠷ | ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ | ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠪᠥᠬᠦ ᠬᠤᠰᠢᠭᠤᠨ ᠤ ᠨᠡᠶᠢᠭᠡᠮ ᠤᠨ | ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠤᠷᠤᠭᠰᠢᠲᠠᠶ ᠬᠤᠷᠠᠯᠳᠤᠬᠤ ᠶᠢ ᠪᠠᠲᠤᠯᠠᠬᠤ | ᠬᠡᠷᠡᠭᠲᠡᠶ ᠬᠡᠪᠡ᠃ | |