ᠡᠷᠳᠡᠨᠢᠪᠤᠯᠠᠭ ᠰᠤᠮᠤ ᠶᠢᠨ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2025/2/20
     ᠣᠶᠢᠷ᠎ᠠ ᠳᠤ᠂ ᠡᠷᠳᠡᠨᠢᠪᠤᠯᠠᠭ ᠰᠤᠮᠤ ︽ᠴᠠᠭᠠᠨ ᠰᠠᠷ᠎ᠠ ᠶᠢᠨ ᠠᠩᠬᠠᠨ ᠤ ᠬᠢᠴᠢᠶᠡᠯ︾ ᠵᠢᠴᠢ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠵᠢᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤᠨ ᠤ ᠪᠥᠬᠦ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠶ᠃     ᠠᠵᠢᠯᠯᠠᠭᠠᠨ ᠳᠤ᠂ ᠰᠤᠮᠤ ᠶᠢᠨ ᠣᠳᠣᠬᠠᠨ ᠤ ᠡᠯ᠎ᠡ ᠵᠦᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠤᠯᠴᠠᠯᠭ᠎ᠠ ᠶᠢ ᠴᠢᠩᠭᠠᠳᠬᠠᠬᠤ᠂ ᠶᠡᠭᠡ ᠲᠠᠯ᠎ᠠ ᠳᠤ ᠦᠢᠯᠡᠴᠢᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠪᠦᠯᠬᠦᠮᠳᠡᠨ ᠬᠠᠮᠵᠢᠯᠴᠠᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠵᠡᠷᠭᠡ ᠲᠠᠪᠤᠨ ᠲᠠᠯ᠎ᠠ ᠪᠠᠷ ᠬᠡᠷᠬᠢᠨ ᠬᠦᠴᠦ ᠣᠷᠣᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠲᠣᠳᠣᠷᠬᠠᠶᠢᠯᠠᠨ ᠥᠭᠦᠯᠡᠵᠦ᠂ ᠪᠥᠬᠦ ᠤᠳᠤᠷᠢᠳᠬᠤ ᠺᠠᠳ᠋ᠷ ᠢ ᠬᠥᠲᠥᠯᠦᠨ ᠵᠢᠯᠣᠭᠤᠳᠴᠤ ᠪᠠᠶᠢᠭᠠᠳ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠴᠢᠩᠭᠠᠯᠠᠵᠤ᠂ ᠬᠥᠳᠡᠯᠦᠯᠴᠡᠵᠦ᠂ ᠬᠢᠬᠦ ᠬᠡᠷᠡᠭᠲᠡᠶ ᠬᠡᠮᠡᠨ ᠱᠠᠭᠠᠷᠳᠠᠬᠤ ᠶᠢᠨ ᠬᠠᠮᠲᠤ᠂ ᠪᠥᠬᠦ ᠤᠳᠤᠷᠢᠳᠬᠤ ᠺᠠᠳ᠋ᠷ ︽ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠢᠭᠲᠠ ᠠᠴᠠ ᠨᠢᠭᠲᠠ ᠪᠠᠶᠢᠬᠤ︾ ᠠᠵᠢᠯ ᠤᠨ ᠣᠪᠣᠷ ᠢ ᠪᠠᠷᠢᠮᠲᠠᠯᠠᠵᠤ᠂ ᠰᠤᠮᠤᠨ ᠤ ᠡᠯ᠎ᠡ  ᠵᠦᠢᠯ ᠤᠨ ᠰᠢᠢᠳᠪᠦᠷᠢᠲᠣ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠬᠦ᠂ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ  ᠬᠡᠪᠡ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ