ᠣᠶᠢᠷ᠎ᠠ ᠳᠤ᠂ ᠰᠠᠭᠠᠳᠠᠭ ᠰᠤᠮᠤ ᠶᠢᠨ ᠪᠢᠬᠢᠳᠢ ᠭᠠᠴᠠᠭ᠎ᠠ ︽ᠨᠠᠮ ᠤᠨ ᠡᠭᠦᠷ ᠳᠠᠭᠠᠭᠤᠯᠤᠨ ᠬᠤᠷᠰᠢᠶᠠᠵᠢᠯ ᠢ ᠡᠷᠬᠢᠯᠡᠬᠦ︾ ᠫᠠᠶᠢᠰᠠ ᠰᠡᠬᠦᠬᠦ | ᠶᠣᠰᠣᠯᠠᠯ ᠢ ᠨᠦᠸᠧ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶᠠᠵᠢᠯ ᠳᠤ ᠶᠠᠪᠤᠭᠳᠠᠪᠠ᠃ | ᠣᠶᠢᠷ᠎ᠠ ᠶᠢᠨ ᠵᠢᠯ ᠳᠤ᠂ ︽ᠬᠠᠮᠲᠤ ᠪᠠᠷ ᠶᠠᠳᠠᠭᠤᠷᠠᠬᠤ᠂ ᠨᠠᠮ ᠤᠨ ᠡᠭᠦᠷ ᠪᠠᠭᠤᠷᠠᠶ᠂ ᠠᠵᠤ ᠦᠢᠯᠡᠰ ᠪᠠᠭᠤᠷᠠᠶ︾ ᠵᠡᠷᠭᠡ ᠭᠠᠴᠢᠭᠳᠠᠯ ᠤᠨ ᠡᠮᠦᠨ᠎ᠡ᠂ | ᠰᠠᠭᠠᠳᠠᠭ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠭᠠᠴᠠᠭᠠᠨ ᠤ ᠨᠠᠮ ᠤᠨ ᠡᠭᠦᠷ ᠤᠨ ᠬᠤᠷᠰᠢᠶᠠᠵᠢᠯ ᠡᠷᠭᠢᠯᠡᠬᠦ ᠶᠢ | ᠵᠣᠷᠢᠭᠵᠢᠭᠤᠯᠵᠤ᠂ ᠲᠣᠰ ᠭᠠᠵᠠᠷ ᠣᠷᠣᠨ ᠤ ᠪᠠᠨ ᠡᠬᠢ ᠪᠠᠶᠠᠯᠢᠭ ᠲᠤ ᠲᠦᠰᠢᠭᠯᠡᠨ᠂ ︽ᠨᠠᠮ ᠤᠨ ᠡᠭᠦᠷ + ᠬᠤᠷᠰᠢᠶ᠎ᠠ + ᠮᠠᠯᠴᠢᠨ ᠲᠠᠷᠢᠶᠠᠴᠢᠨ︾᠂ | ︽ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ︾ ᠵᠡᠷᠭᠡ ᠬᠥᠭᠵᠢᠯᠲᠡ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ︽ᠨᠢᠭᠡᠳᠦᠯᠲᠡᠶ | ᠬᠤᠳᠠᠯᠳᠤᠨ ᠠᠪᠬᠤ᠂ ᠠᠯᠠᠵᠤ ᠨᠢᠲᠤᠯᠬᠤ ᠵᠢᠴᠢ ᠨᠠᠷᠢᠯᠢᠭ ᠡᠳ᠋ᠰᠢᠭᠦᠯᠬᠦ᠂ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠪᠣᠷᠣᠯᠠᠭᠤᠯᠬᠤ︾ ᠲᠡᠵᠢᠭᠡᠨ | ᠦᠷᠡᠵᠢᠭᠦᠯᠬᠦ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠵᠢᠱᠢᠯᠲᠡ ᠪᠠᠷ 50 ᠬᠥᠮᠦᠨ ᠳᠤ ᠠᠵᠢᠯ ᠣᠯᠭᠤᠨ ᠠᠵᠢᠯ ᠤᠨ ᠪᠠᠶᠢᠷᠢ | ᠬᠠᠩᠭᠠᠵᠤ᠂ 100 ᠡᠷᠦᠬᠡ ᠠᠴᠠ ᠳᠡᠭᠡᠭᠰᠢᠬᠢ ᠮᠠᠯᠵᠢᠬᠤ ᠡᠷᠦᠬᠡ ᠶᠢ ᠳᠠᠶᠢᠴᠢᠯᠠᠨ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠳᠤ ᠰᠢᠭᠤᠳ | ᠣᠷᠣᠯᠴᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠪᠦᠲᠦᠮᠵᠢᠲᠡᠶ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ︽ᠭᠤᠷᠪᠠ ᠶᠢ ᠳᠡᠭᠡᠭᠰᠢᠯᠡᠭᠦᠯᠬᠦ︾ ᠪᠠᠷ ᠪᠥᠬᠦ ᠰᠤᠮᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠰ ᠲᠤ ᠬᠦᠴᠦᠨ ᠨᠡᠮᠡᠷᠢᠯᠡᠨ᠎ᠡ᠃ | | |