ᠤᠢᠢᠷ᠎ᠠ ᠶᠢᠨ ᠵᠢᠯ ᠠᠴᠠ᠂ ᠰᠢᠶᠠᠨ ᠹᠧᠩ ᠪᠠᠯᠭᠠᠰᠤ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠠ ᠦᠵᠡᠭᠦᠯᠬᠦ | ᠪᠠᠯᠭᠠᠰᠤ︾ ᠶᠢᠨ ᠬᠥᠭᠵᠢᠯᠲᠡ ᠶᠢᠨ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠢᠮᠠᠭᠲᠠ ᠨᠠᠮ ᠤᠨ ᠪᠠᠶᠢᠭᠤᠯᠤᠯᠲᠠ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ | ᠲᠣᠰᠬᠤᠨ ᠤ ᠬᠠᠮᠲᠤ ᠶᠢᠨ ᠠᠵᠤ ᠠᠬᠤᠢ ᠦᠭᠡᠢ ᠠᠴᠠ ᠪᠠᠨ ᠪᠠᠶᠢᠬᠤ ᠪᠤᠯᠵᠤ᠂ ᠪᠠᠭ᠎ᠠ ᠠᠴᠠ ᠶᠡᠭᠡ ᠪᠤᠯᠵᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠩ ᠡᠷᠴᠢᠮᠲᠡᠢ᠂ ᠦᠨᠳᠦᠰᠦᠨ ᠱᠠᠲᠤᠨ ᠤ ᠵᠠᠰᠠᠯᠲᠠ ᠶᠢ ᠨᠡᠩ ᠥᠨᠳᠥᠷ ᠪᠦᠲᠦᠮᠵᠢᠲᠡᠢ | ᠪᠣᠯᠭᠠᠵᠤ᠂ ᠬᠢᠵᠠᠭᠠᠯᠠᠰᠢ ᠦᠭᠡᠢ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠲᠠᠷᠢᠶᠠᠯᠠᠩ᠂ ᠮᠠᠯ ᠠᠵᠤ ᠠᠬᠤᠶ᠂ ᠤᠨᠴᠠᠯᠢᠬᠳᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠵᠣᠷᠢᠯᠭ᠎ᠠ ᠶᠢ ᠪᠠᠷᠢᠮᠲᠠᠯᠠᠵᠤ᠂ 2024 ᠣᠨ ᠳᠤ᠂ ᠲᠣᠰ ᠪᠠᠯᠭᠠᠰᠤ 1540 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠣᠰᠬᠤᠨ ᠤ 0.7 | ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠪᠡ᠃ 1573 ᠲᠦᠮᠡᠨ | ᠲᠥᠭᠦᠷᠢᠭ ᠤᠨ ᠲᠥᠪ ᠤᠨ ᠱᠠᠩᠨᠠᠯᠲᠤ ᠰᠤᠭᠤᠯᠤᠭ᠎ᠠ ᠶᠢᠨ ᠰᠠᠭᠤᠷᠢ ᠮᠥᠩᠭᠦᠨ ᠤ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ 51 | ᠢᠳᠡᠭᠡᠨ ᠤ ᠮᠦᠬᠦ ᠳᠠᠷᠢᠬᠤ ᠫᠧᠩ᠂ 22 ᠬᠠᠲᠠᠭᠠᠬᠤ ᠫᠧᠩ᠂ 56000 ᠪᠣᠰᠤᠭ᠎ᠠ ᠳᠥᠷᠪᠡᠯᠵᠢᠨ ᠮᠧᠲᠷ ᠤᠰᠤ ᠬᠠᠳᠠᠭᠠᠯᠠᠬᠤ ᠴᠥᠭᠦᠷᠥᠮ | ᠪᠠᠶᠢᠭᠤᠯᠵᠤ᠂ 600 ᠲᠡᠭᠰᠢ ᠳᠥᠷᠪᠡᠯᠵᠢᠨ ᠮᠧᠲᠷ ᠤᠨ ︽ᠲᠠᠷᠢᠶᠠᠯᠠᠩ ᠤᠨ ᠣᠶᠤᠨᠴᠢ ᠲᠠᠪᠴᠠᠩ + ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠶᠢᠨ ᠲᠢᠩᠬᠢᠮ︾ ᠢ ᠪᠠᠶᠢᠭᠤᠯᠪᠠ᠃ ᠡᠭᠦᠨ ᠠᠴᠠ ᠭᠠᠳᠠᠨ᠎ᠠ ᠬᠠᠪᠤᠷ᠂ ᠨᠠᠮᠤᠷ ᠤᠨ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ ᠡᠭᠦᠷᠭᠡ ᠶᠢ | ᠪᠡᠶᠡᠯᠡᠭᠦᠯᠵᠦ᠂ ᠭᠠᠭ᠋ᠠᠶ ᠶᠢᠨ ᠡᠭᠡᠯᠢᠯᠡᠭᠡ 1.13 ᠲᠦᠮᠡᠨ ᠲᠣᠯᠣᠭᠠᠶ᠂ ᠠᠯᠠᠰᠢᠨ ᠦᠬᠡᠷ ᠤᠨ ᠡᠭᠡᠯᠢᠯᠡᠭᠡ 4888 ᠲᠣᠯᠣᠭᠠᠶ᠂ ᠬᠤᠨᠢᠨ ᠤ ᠡᠭᠡᠯᠢᠯᠡᠭᠡ | 23 ᠲᠦᠮᠡᠨ ᠲᠣᠯᠣᠭᠠᠶ᠂ ᠲᠠᠬᠢᠶ᠎ᠠ ᠨᠤᠭᠤᠰᠤᠨ ᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠢ ᠨᠡᠶᠢᠲᠡ 5.4 | ᠲᠦᠮᠡ ᠰᠡᠷᠭᠡᠶᠢᠯᠡᠵᠦ᠂ ᠨᠣᠬᠠᠶ ᠶᠢᠨ ᠪᠠᠭᠯᠠᠭᠴᠢ ᠬᠤᠷᠣᠬᠠᠶᠢᠲᠤ ᠡᠪᠡᠳᠴᠢᠨ ᠳᠤ 5486 ᠵᠦᠢᠯ ᠤᠨ ᠡᠮ ᠣᠷᠣᠭᠤᠯᠵᠣ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠪᠠ᠃ | ᠰᠢᠶᠠᠨ ᠹᠧᠩ ᠪᠠᠯᠭᠠᠰᠤ ᠠᠵᠤ ᠦᠢᠯᠡᠰ ᠢᠶᠠᠨ ᠬᠥᠭᠵᠢᠭᠦᠯᠬᠦ ᠶᠢᠨ ᠬᠠᠮᠲᠤ᠂ ᠨᠡᠶᠢᠭᠡᠮ ᠠᠷᠠᠳ ᠤᠨ ᠠᠮᠢᠳᠤᠷᠠᠯ ᠤᠨ ᠠᠵᠢᠯ ᠢ ᠥᠷᠨᠢᠭᠦᠯᠬᠦ ᠶᠢ | ᠢᠮᠠᠭᠲᠠ ᠴᠢᠬᠤᠯᠠᠴᠢᠯᠠᠵᠤ᠂ ᠲᠣᠰᠬᠤᠨ ᠤ ᠠᠷᠠᠳ ᠲᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ | ᠲᠦᠪᠰᠢᠨ ᠤ ᠲᠦᠷᠦᠭᠳᠡᠯ ᠢ ᠣᠯᠭᠤᠪᠠ᠃ 2024 ᠣᠨ ᠳᠤ᠂ 4 ᠤᠳᠠᠭ᠎ᠠ ᠶᠢᠨ ᠲᠥᠪᠯᠡᠷᠡᠩᠭᠦᠢ ᠬᠥᠳᠡᠯᠦᠩᠭᠦᠢ ᠬᠢᠨᠠᠨ ᠬᠡᠮᠵᠢᠯᠲᠡ ᠶᠢ ᠥᠷᠨᠢᠭᠦᠯᠵᠦ᠂ | ᠨᠡᠶᠢᠲᠡ 8132 ᠡᠷᠤᠬᠡ ᠶᠢᠨ 16229 ᠬᠥᠮᠦᠨ ᠢ ᠪᠠᠶᠢᠴᠠᠭᠠᠨ ᠰᠤᠷᠪᠤᠯᠵᠢᠯᠠᠵᠤ᠂ 23 ᠡᠷᠤᠬᠡ ᠶᠢᠨ 48 ᠬᠥᠮᠦᠨ ᠢ ᠢᠯᠭᠠᠨ ᠲᠠᠨᠢᠵᠤ᠂ ᠪᠦᠬᠦ | ᠪᠠᠯᠭᠠᠰᠤ ᠶᠢᠨ 528 ᠡᠷᠤᠬᠡ ᠶᠢᠨ 922 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 108 ᠡᠷᠤᠬᠡ ᠶᠢᠨ 241 ᠬᠥᠮᠦᠨ ᠳᠤ ᠬᠥᠳᠡᠭᠡ | ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠪᠠ᠃112 ᠬᠥᠮᠦᠨ ᠳᠤ ᠬᠥᠯᠥᠰᠥᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ 500 ᠬᠤᠪᠢ | ᠲᠠᠷᠬᠠᠭᠠᠪᠠ᠃ ᠰᠢᠶᠠᠨ ᠹᠧᠩ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠪᠣᠯᠤᠨ ᠬᠦᠴᠢᠷᠳᠡᠯ ᠲᠠᠢ ᠤᠯᠠᠨ ᠲᠦᠮᠡᠨ ᠳᠤ 650 ᠵᠠᠬ᠎ᠠ | ᠦᠳᠦᠨ ᠬᠤᠪᠴᠠᠰᠤ᠂ 230 ᠬᠤᠪᠢ ᠠᠮᠤ ᠪᠤᠳᠠᠭ᠎ᠠ᠂ ᠭᠤᠯᠢᠷ ᠤᠨ ᠡᠳ᠋ ᠪᠣᠳᠠᠰ ᠵᠡᠷᠭᠡ ᠶᠢ ᠲᠦᠭᠡᠭᠡᠪᠡ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠳ ᠢ ᠨᠠᠶᠢᠳᠠᠪᠤᠷᠢᠵᠢᠭᠤᠯᠤᠭᠰᠠᠨ ᠨᠢ ᠲᠣᠰ ᠪᠠᠯᠭᠠᠰᠤ ᠶᠢᠨ ᠨᠡᠶᠢᠭᠡᠮ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠪᠦᠬᠦ | ᠬᠦᠴᠦᠨ ᠢᠶᠠᠷ ᠢᠶᠠᠨ ᠰᠠᠶᠢᠲᠤᠷ ᠬᠢᠭᠰᠡᠨ ᠤ ᠠᠮᠢᠳᠤᠯᠢᠭ ᠵᠢᠷᠤᠭᠯᠠᠯ ᠪᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠲᠠᠶᠢᠯᠪᠤᠷᠢᠯᠠᠵᠠᠢ᠃ | 2025 ᠣᠨ ᠳᠤ᠂ ᠰᠢᠶᠠᠨ ᠹᠧᠩ ᠪᠠᠯᠭᠠᠰᠤ ᠤᠳᠤ ᠶᠢᠨ ᠪᠠᠶᠢᠭ᠎ᠠ ᠰᠢᠶᠠᠨ ᠹᠧᠩ ᠲᠣᠰᠬᠤᠨ ᠤ ᠣᠷᠣᠨ ᠨᠤᠲᠤᠭ ᠤᠨ ᠲᠡᠮᠳᠡᠭᠲᠦ ᠠᠵᠤ | ᠦᠢᠯᠡᠰ ᠤᠨ ᠬᠦᠷᠢᠶᠡᠯᠡᠩ ᠳᠤ ᠲᠦᠰᠢᠭᠯᠡᠵᠦ᠂ ︽ᠲᠠᠪᠤ ᠶᠢ ᠨᠢᠭᠡᠳᠬᠡᠬᠦ︾ ᠪᠦᠬᠦ ᠬᠡᠯᠬᠢᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ | ᠵᠠᠭᠪᠤᠷ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠬᠠᠮᠲᠤ ᠶᠢᠨ ᠬᠥᠭᠵᠢᠯᠲᠡ ᠶᠢᠨ ︽ᠠᠰᠢᠭ︾ ᠢ ᠡᠳ᠋ᠯᠡᠭᠦᠯᠦᠨ᠎ᠡ᠃ ᠣᠷᠭᠠᠨᠢᠭ ᠪᠣᠷᠲᠣᠭᠤᠷ ᠢᠰᠬᠡᠬᠦ | ᠲᠠᠯᠠᠪᠠᠶ᠂ ᠰᠢᠨ᠎ᠡ ᠰᠣᠷᠭᠤᠭ ᠪᠠᠶᠢᠯᠭᠠᠬᠤ ᠬᠦᠢᠲᠡᠨ ᠬᠥᠮᠥᠷᠭᠡ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠢᠵᠢ ᠪᠥᠷᠢᠳᠦᠭᠦᠯᠬᠦ | ᠲᠥᠬᠦᠭᠡᠷᠦᠮᠵᠢ ᠶᠢ ᠥᠨᠳᠥᠷ ᠪᠦᠲᠦᠮᠵᠢᠲᠡᠶ ᠪᠠᠷ ᠠᠰᠢᠭᠯᠠᠵᠤ᠂ ᠭᠠᠵᠠᠷ ᠣᠷᠣᠨ ᠤ ᠲᠡᠮᠳᠡᠭᠲᠦ ᠠᠵᠤ ᠦᠢᠯᠡᠰ ᠤᠨ ᠬᠦᠷᠢᠶᠡᠯᠡᠩ ᠢ ᠪᠥᠬᠦ ᠬᠤᠰᠢᠭᠤᠨ ᠤ | ᠪᠡᠯᠡᠳᠬᠡᠮᠵᠢᠲᠦ ᠲᠠᠷᠢᠶᠠᠯᠠᠩ ᠤᠨ ᠬᠡᠪ ᠳᠠᠭᠤᠷᠢᠶᠠᠯ ᠤᠨ ᠬᠦᠷᠢᠶᠡᠯᠡᠩ ᠪᠣᠯᠭᠠᠨ᠎ᠠ᠃ ᠰᠦᠮᠡᠲᠣ ᠲᠣᠰᠬᠤᠨ ᠤ ᠬᠤᠵᠢᠷᠯᠢᠬ ᠭᠠᠵᠠᠷ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠲᠦᠷᠭᠡᠳᠬᠡᠵᠦ᠂ ᠬᠠᠲᠤᠨ ᠭᠤᠤᠯ ᠤᠨ ᠤᠰᠤ ᠶᠢ | ᠰᠢᠭᠤᠳ ᠱᠦᠭᠦᠵᠦ ᠲᠤᠩᠭᠠᠨ ᠰᠦᠷᠴᠢᠨ ᠤᠰᠤᠯᠠᠬᠤ᠂ ᠬᠤᠯᠤᠰᠤ ᠶᠢ ᠬᠡᠮᠬᠡᠯᠦᠨ ᠡᠳ᠋ᠰᠢᠭᠦᠯᠬᠦ ᠪᠠ ᠬᠠᠶᠠᠭᠳᠠᠮᠠᠯ ᠮᠥᠭᠦ ᠶᠢᠨ ᠪᠠᠭᠯᠠᠭ᠎ᠠ ᠶᠢ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠬᠠᠷᠠᠮᠥ᠋ᠷᠡᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠠᠢ ᠭᠦᠨᠵᠡᠭᠡᠶ | ᠬᠠᠮᠲᠤᠷᠠᠯᠴᠠᠬᠤ ᠬᠠᠷᠢᠴᠠᠭ᠎ᠠ ᠶᠢ ᠦᠷᠭᠦᠯᠵᠢᠯᠡᠨ ᠪᠠᠶᠢᠭᠤᠯᠵᠤ᠂ ᠬᠤᠵᠢᠷᠯᠢᠬ ᠭᠠᠵᠠᠷ ᠢ ᠰᠠᠶᠢᠵᠢᠷᠠᠭᠤᠯᠤᠨ ᠠᠰᠢᠭᠯᠠᠬᠤ ᠳ᠋ᠣᠺᠲ᠋ᠣᠷᠠᠨᠲ ᠤᠨ ᠠᠵᠢᠯ ᠤᠨ | ᠥᠷᠲᠡᠭᠡ ᠪᠠᠶᠢᠭᠤᠯᠬᠤ ᠶᠢ ᠰᠦᠪᠡᠭᠴᠢᠯᠡᠨ᠂ ᠳᠡᠯᠳᠡᠣ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠬᠡᠰᠡᠭ ᠤᠨ ᠬᠠᠮᠤᠭ ᠤᠨ ᠲᠣᠮᠣ ᠪᠥᠬᠦ ᠠᠵᠤ ᠦᠢᠯᠡᠰ ᠤᠨ ᠬᠡᠯᠬᠢᠶᠡᠲᠦ ᠢᠳᠡᠭᠡᠨ ᠤ ᠮᠥᠭᠦ ᠶᠢ ᠦᠢᠯᠡᠳᠪᠦᠷᠢᠯᠡᠵᠦ ᠳᠠᠷᠢᠬᠤ ᠰᠠᠭᠤᠷᠢᠨ ᠭᠠᠵᠠᠷ ᠪᠣᠯᠭᠠᠨ | ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠵᠢᠱᠢᠶ᠎ᠡ ᠦᠵᠡᠭᠦᠯᠬᠦ ᠬᠦᠷᠢᠶᠡᠯᠡᠩ ᠢ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ | ᠪᠣᠯᠪᠠᠰᠤᠷᠠᠭᠤᠯᠤᠯᠲᠠ᠂ ᠪᠣᠷᠣᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠡᠶᠢᠯᠡᠮᠡᠯ ᠬᠡᠯᠪᠡᠷᠢ ᠶᠢᠨ | ᠬᠦᠷᠢᠶᠡᠯᠡᠩ ᠪᠣᠯᠭᠠᠨ ᠪᠠᠶᠢᠭᠤᠯᠵᠤ᠂ ᠲᠠᠩ ᠭᠠᠭᠴᠠ ᠰᠠᠭᠤᠷᠢᠨ ᠭᠠᠵᠠᠷ ᠤᠨ ᠭᠤᠤᠯ ᠠᠵᠢᠯ ᠨᠢ ᠲᠣᠪᠤᠶᠢᠮ᠎ᠠ᠂ ᠣᠨᠴᠠᠯᠢᠭ ᠨᠢ ᠢᠯᠡ ᠲᠣᠳᠣ᠂ ᠪᠦᠬᠦ᠋ᠢᠯᠡ | ᠬᠦᠷᠢᠶᠡᠯᠡᠩ ᠤᠨ ᠬᠥᠭᠵᠢᠯᠲᠡ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠬᠠᠮᠵᠢᠯᠴᠠᠨ ᠬᠠᠮᠲᠤᠷᠠᠯᠴᠠᠭᠰᠠᠨ ᠪᠠᠶᠢᠳᠠᠯ ᠢ ᠪᠣᠶ ᠪᠣᠯᠭᠠᠵᠤ᠂ | ᠵᠢᠵᠢᠭ ᠠᠵᠤ ᠦᠢᠯᠡᠰ ᠲᠤ ᠶᠡᠭᠡ ᠦᠷ᠎ᠡ ᠠᠰᠢᠭ ᠣᠯᠭᠤᠬᠤ ᠪᠠᠷ ᠴᠢᠷᠮᠠᠶᠢᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠤᠨ᠎ᠠ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠠᠯ᠎ᠠ ᠪᠠᠷ᠂ ᠭᠤᠤᠯ ᠮᠥᠷᠡᠨ | ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠪᠠ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠶᠢ ᠪᠠᠶᠢᠩᠭᠤᠵᠢᠭᠤᠯᠤᠨ | ᠥᠷᠨᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠵᠤᠵᠠᠭᠠᠨ ᠰᠦᠯᠢᠶᠣᠣ ᠪᠦᠷᠬᠦᠪᠴᠢ ᠪᠠ | ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠤᠨ ᠬᠦᠢᠴᠡᠳᠭᠡᠯ ᠲᠤᠭ᠎ᠠ ᠶᠢ ᠵᠢᠯ | ᠳᠠᠷᠠᠭᠠᠯᠠᠨ ᠪᠠᠭᠤᠷᠠᠭᠤᠯᠵᠤ᠂ ᠲᠠᠩ ᠭᠠᠵᠠᠷ ᠤᠨ ᠣᠷᠴᠢᠨ ᠲᠣᠭᠤᠷᠢᠨ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ | ᠦᠨᠡᠨ ᠬᠦ ᠪᠠᠲᠤᠯᠠᠨ᠎ᠠ᠃ | ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠠᠪᠤᠷᠠᠨ | ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠢᠢᠷ᠎ᠠ ᠬᠠᠪᠢ ᠳᠠᠭᠠᠨ ᠠᠵᠢᠯ ᠬᠢᠬᠦ᠂ ᠠᠵᠤ ᠦᠢᠯᠡᠰ ᠢᠶᠠᠷ | ᠬᠠᠪᠰᠤᠷᠤᠨ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠠᠰᠠᠭᠤᠳᠠᠯ ᠢ | ᠡᠷᠲᠡ ᠢᠯᠡᠷᠡᠭᠦᠯᠵᠦ᠂ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠣᠷᠣᠯᠭ᠎ᠠ ᠪᠠᠭᠠᠲᠠᠶ ᠬᠠᠮᠲᠤᠯᠢᠭ ᠢ | ᠬᠦᠴᠢᠷᠳᠡᠯ ᠤᠨ ᠡᠮᠦᠨ᠎ᠡ ᠳᠣᠲᠣᠷ᠎ᠠ ᠪᠠᠨ ᠲᠤᠭ᠎ᠠ ᠲᠠᠢ᠂ ᠠᠮᠢᠳᠤᠷᠠᠯ ᠳᠠᠭᠠᠨ ᠲᠦᠰᠢᠭ ᠲᠠᠢ ᠪᠣᠯᠭᠠᠨ᠎ᠠ᠃ | ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠪᠣᠯᠪᠠᠰᠤᠨ ᠲᠣᠰᠬᠤᠨ ᠪᠠᠯᠭᠠᠰᠤ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠵᠦ᠂ ᠤᠯᠠᠮᠵᠢᠯᠠᠯᠲᠤ ᠰᠣᠶᠣᠯ ᠪᠣᠯᠤᠨ ᠡᠯ᠎ᠡ ᠲᠦᠷᠦᠯ ᠤᠨ ᠪᠠᠶᠠᠷ ᠤᠨ ᠡᠳᠦᠷ ᠢᠶᠠᠷ ᠡᠯᠧᠮᠧᠨ᠋ᠲ ᠪᠣᠯᠭᠠᠵᠤ᠂ ᠥᠪᠡᠷᠮᠢᠴᠡ ᠬᠡᠪ | ᠨᠠᠮᠪᠠ ᠲᠠᠢ᠂ ᠢᠯᠡ ᠲᠣᠳᠣ ᠣᠨᠴᠠᠯᠢᠭ ᠲᠠᠢ ᠰᠣᠶᠣᠯ ᠪᠡᠶ᠎ᠡ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃ | ᠲᠣᠰᠬᠤᠨ ᠤ ᠱᠠᠲᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ᠂ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠲᠣᠰᠬᠤᠨ ᠳᠤᠭᠤᠶᠢᠯᠠᠩ ᠤᠨ ᠲᠡᠷᠢᠭᠦᠨ ᠤ ᠵᠢᠱᠢᠶ᠎ᠠ ᠦᠵᠡᠭᠦᠯᠬᠦ ᠴᠡᠭ ᠢ ᠡᠭᠦᠳᠦᠨ ᠪᠠᠶᠢᠭᠤᠯᠵᠤ᠂ ᠲᠣᠰᠬᠤᠨ ᠤ ᠲᠦᠷᠢᠮ ᠢ ᠪᠤᠢ | ᠪᠣᠯᠭᠠᠬᠤ ᠳᠤ ᠬᠦᠴᠦ ᠨᠡᠮᠡᠷᠢᠯᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠬᠥᠭᠵᠢᠭᠡᠨ᠎ᠡ᠃ ᠠᠷᠢᠭᠤᠨ ᠴᠡᠪᠡᠷ ᠳᠤᠯᠠᠭᠠᠯᠠᠭ᠎ᠠ ᠶᠢᠨ ᠤᠭᠰᠠᠷᠠᠬᠤ ᠡᠷᠴᠢᠮ ᠢ | ᠴᠢᠩᠭᠠᠷᠠᠭᠤᠯᠵᠤ᠂ ︽ ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠬᠦᠢᠴᠡᠳ ᠰᠢᠩᠭᠡᠭᠡᠨ ᠠᠪᠴᠤ᠂ ᠣᠯᠠᠨ ᠨᠡᠶᠢᠲᠡ ᠶᠢᠨ ᠣᠷᠣᠨ | ᠪᠦᠰᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠬᠡᠨ ᠢ ᠬᠡᠷᠡᠭᠵᠢᠭᠦᠯᠦᠨ᠂ ︽ᠡᠷᠦᠬᠡ ᠶᠢ | ᠴᠡᠪᠡᠷᠯᠡᠬᠦ᠂ ᠲᠣᠰᠬᠤᠨ ᠥᠪᠡᠷ ᠢᠶᠠᠨ ᠪᠠᠶᠢᠴᠠᠭᠠᠬᠤ᠂ ᠪᠠᠯᠭᠠᠰᠤ ᠰᠢᠮᠳᠠᠭᠤᠯᠤᠨ ᠪᠠᠶᠢᠴᠠᠭᠠᠬᠤ︾ ᠲᠣᠰᠬᠤᠨ ᠤ ᠬᠡᠪᠴᠢᠶᠡᠨ ᠤ ᠠᠷᠢᠭᠤᠨ ᠴᠡᠪᠡᠷ ᠤᠨ | ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠡᠷᠡᠭᠵᠢᠭᠦᠯᠵᠦ᠂ ᠪᠠᠶᠢᠴᠠᠭᠠᠵᠤ ᠠᠳᠠᠯᠢᠳᠬᠠᠨ ᠰᠢᠯᠭᠠᠷᠠᠭᠤᠯᠬᠤ | ᠡᠷᠴᠢᠮ ᠢ ᠴᠢᠩᠭᠠᠷᠠᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠰᠢᠶᠠᠨ ᠹᠧᠩ ᠪᠠᠯᠭᠠᠰᠤ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠨ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ | ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠬᠥᠭᠵᠢᠭᠦᠯᠦᠨ ᠮᠠᠨᠳᠤᠭᠤᠯᠬᠤ ᠵᠠᠮ ᠢ ᠪᠦᠬᠦ ᠬᠦᠴᠦᠨ ᠢᠶᠠᠷ ᠢᠶᠠᠨ ᠰᠦᠪᠡᠭᠴᠢᠯᠡᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ | ᠬᠦᠴᠦᠲᠡᠢ ᠠᠬᠢᠭᠤᠯᠬᠤ ᠪᠣᠯᠤᠨ᠎ᠠ᠃ | |