ᠡᠮᠦᠨ᠎ᠡ ᠨᠠᠢᠮᠠᠨ ᠪᠦᠯᠦᠭ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠨᠡᠮᠡᠵᠦ ᠨᠥᠬᠦᠪᠥᠷᠢᠯᠡᠬᠦ ᠠᠵᠢᠯ ᠤᠨ ᠲᠤᠬᠠᠶ ᠵᠠᠷᠯᠠᠨ  ᠨᠡᠶᠢᠲᠡᠯᠡᠵᠦ  ᠭᠤᠶᠣᠴᠢᠠᠯᠨ  ᠮᠡᠳᠡᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2025/2/24
ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠰᠣᠶᠣᠯ ᠤᠨ ᠥᠷᠲᠡᠭᠡ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠦᠷᠢᠮ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ︽ᠪᠠᠶᠠᠨᠨᠠᠭᠤᠷ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠪᠠᠶᠠᠨᠨᠠᠭᠤᠷ ᠰᠣᠶᠣᠯ ᠵᠢᠭᠤᠯᠴᠢᠯᠠᠯ  ᠷᠠᠳᠢᠣ᠋ ᠲᠧᠯᠸᠢᠰ ᠲᠣᠪᠴᠢᠶ᠎ᠠ ᠠᠯᠪᠠᠨ ᠲᠠᠷᠬᠠᠭᠠᠭᠰᠠᠨ ﹇2020﹈ 5 ᠳ᠋ᠤᠭᠠᠷ ᠲᠣᠭᠠᠲᠤ︶  ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠮᠠᠨ ᠤ ᠲᠣᠪᠴᠢᠶ᠎ᠠ ᠡᠮᠦᠨ᠎ᠡ ᠨᠠᠢᠮᠠᠨ ᠪᠦᠯᠦᠭ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ  ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠪᠠᠲᠤᠯᠠᠨ ᠲᠠᠨᠢᠯᠴᠠᠭᠤᠯᠬᠤ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠪᠡ᠃ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠬᠢᠨᠠᠨ ᠬᠠᠷᠭᠤᠭᠤᠯᠵᠤ ᠰᠤᠳᠤᠯᠬᠤ ᠪᠠᠷ ᠳᠡᠮᠵᠢᠨ᠂  ᠣᠶᠣᠨ᠎ᠠ ᠵᠡᠷᠭᠡ 8 ᠬᠥᠮᠦᠨ ᠢ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠣᠯᠭᠠᠬᠤ ᠪᠠᠷ  ᠲᠠᠨᠢᠯᠴᠠᠭᠤᠯᠪᠠ᠂ ᠣᠲᠣ ᠵᠠᠷᠯᠠᠨ  ᠨᠡᠶᠢᠲᠡᠯᠡᠶ᠎ᠡ᠃     ᠵᠠᠷᠯᠠᠨ ᠨᠡᠶᠢᠲᠡᠯᠡᠭᠰᠡᠨ ᠴᠠᠭ᠄     2025 ᠣᠨ ᠤ 2 ᠰᠠᠷ᠎ᠠ ᠶᠢᠨ 20 ᠤ ᠡᠳᠦᠷ ᠠᠴᠠ 3 ᠰᠠᠷ᠎ᠠ ᠶᠢᠨ 18 ᠤ ᠡᠳᠦᠷ ᠪᠣᠯᠲᠠᠯ᠎ᠠ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠠ ᠬᠤᠪᠢ ᠬᠥᠮᠦᠨ ᠬᠡᠷᠪᠡ ᠣᠨᠳᠣᠤ ᠰᠠᠨᠠᠯ ᠲᠠᠢ ᠪᠣᠯ ᠴᠥᠮ ᠡᠯᠧᠺᠲᠷᠣᠨ ᠰᠢᠤᠳᠠᠨ ᠤ ᠵᠦᠶ᠋ᠯ᠂ ᠪᠢᠴᠢᠭ ᠤᠨ ᠬᠡᠯᠪᠡᠷᠢ ᠪᠠᠷ ᠬᠤᠰᠢᠭᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠲᠤᠰᠬᠠᠵᠤ ᠪᠣᠯᠤᠨ᠎ᠠ᠃      ᠡᠯᠧᠺᠲᠷᠣᠨ ᠰᠢᠤᠳᠠᠨ ᠬᠠᠶᠢᠷᠴᠠᠭ᠄ qqlt888@163.com     ᠬᠠᠷᠢᠯᠴᠠᠬᠤ ᠤᠲᠠᠰᠤ᠄ 0478 — 3212416     ᠳᠠᠭᠠᠯᠳᠤᠭᠤᠯᠤᠯ᠄ 1. ᠤᠷᠠᠳ ᠤᠨ ᠡᠮᠦᠨᠡᠲᠦ ᠬᠤᠰᠢᠭᠤᠨ ᠤ ᠲᠠᠨᠢᠯᠴᠠᠭᠤᠯᠤᠭᠰᠠᠨ ᠬᠤᠲᠠ ᠶᠢᠨ ᠲᠠᠰ ᠤᠨ ᠨᠡᠮᠡᠵᠦ ᠨᠥᠬᠦᠪᠥᠷᠢᠯᠡᠭᠰᠡᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠲᠣᠳᠣᠷᠬᠠᠶ ᠬᠠᠭᠤᠳᠠᠰᠤ     2. ᠤᠷᠠᠳ ᠤᠨ ᠡᠮᠦᠨᠡᠲᠦ ᠬᠤᠰᠢᠭᠤᠨ ᠤ ᠲᠠᠨᠢᠯᠴᠠᠭᠤᠯᠤᠭᠰᠠᠨ ᠬᠤᠲᠠ ᠶᠢᠨ ᠲᠠᠰ ᠤᠨ ᠨᠡᠮᠡᠵᠦ ᠨᠥᠬᠦᠪᠥᠷᠢᠯᠡᠭᠰᠡᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠨᠡᠷᠡᠰ ᠵᠢᠴᠢ ᠦᠨᠳᠦᠰᠦᠨ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ

微信图片_20250224112805.jpg

微信图片_20250224112816.jpg

              

        ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ

                                           2025 ᠣᠨ ᠤ 2 ᠰᠠᠷ᠎ᠠ ᠶᠢᠨ 19 ᠤ ᠡᠳᠦᠷ

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ