ᠤᠷᠠᠳ ᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ 2024 ᠣᠨ ᠤ ᠮᠡᠳᠡᠭᠦᠯᠦᠯᠲᠡ ᠵᠢᠴᠢ 2025 ᠣᠨ ᠤ  ᠮᠡᠳᠡᠭᠦᠯᠦᠯᠲᠡ ᠲᠣᠭᠲᠠᠭᠠᠬᠤ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠬᠢᠪᠠ
ᠨᠡᠶᠢᠲᠡᠯᠡᠭᠰᠡᠨ ᠴᠠᠭ᠄
2025/2/25
     ᠣᠷᠠᠳ ᠤᠨ ᠡᠮᠦᠨᠡᠲᠣ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠲᠣᠭᠲᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂  ᠣᠶᠢᠷ᠎ᠠ ᠶᠢᠨ ᠡᠳᠦᠷ᠂ ᠲᠣᠰ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠡᠪᠴᠢᠶᠡᠵᠢᠯ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ 2024 ᠣᠨ ᠤ ᠮᠡᠳᠡᠭᠦᠯᠦᠯᠲᠡ ᠵᠢᠴᠢ 2025 ᠣᠨ ᠤ ᠮᠡᠳᠡᠭᠦᠯᠦᠯᠲᠡ ᠲᠣᠭᠲᠠᠭᠠᠬᠤ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠬᠢᠪᠠ᠃

微信图片_20250225155128.jpg

    

    ᠪᠣᠯᠪᠠᠰᠤᠷᠠᠯ ᠳᠤ᠂ ᠠᠷᠠᠯᠵᠢᠶ᠎ᠠ ᠬᠤᠳᠠᠯᠳᠤᠭᠠᠨ ᠤ ᠲᠤᠰᠬᠠᠶ ᠮᠡᠷᠭᠡᠵᠢᠯ ᠤᠨ ᠺᠠᠳ᠋ᠷᠴᠤᠳ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ

ᠪᠦᠷᠢᠳᠬᠡᠯ ᠤᠨ ᠬᠠᠤᠯᠢ︾ ᠳᠤ ᠲᠠᠶᠢᠯᠤᠮᠵᠢ ᠬᠢᠵᠦ᠂ ᠵᠠᠰᠠᠪᠤᠷᠢ ᠣᠷᠣᠭᠤᠯᠤᠭᠰᠠᠨ ᠠᠭᠤᠯᠭ᠎ᠠ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ

ᠡᠲᠡᠭᠡᠳ ᠤᠨ ᠬᠦᠢᠴᠡᠳᠭᠡᠪᠡᠰᠣ ᠵᠣᠬᠢᠬᠤ ᠬᠠᠤᠯᠢ ᠶᠣᠰᠣᠨ ᠤ ᠡᠷᠬᠡ ᠪᠠ ᠡᠭᠦᠷᠭᠡ ᠶᠢ ᠭᠤᠤᠯᠳᠠᠯᠭ᠎ᠠ ᠲᠠᠢ ᠲᠣᠳᠣᠷᠬᠠᠶᠢᠯᠠᠪᠠ᠃ ᠡᠭᠦᠨ ᠤ ᠬᠠᠮᠲᠤ᠂

ᠠᠷᠠᠯᠵᠢᠶ᠎ᠠ ᠬᠤᠳᠠᠯᠳᠤᠭᠠᠨ ᠤ ᠲᠤᠰᠬᠠᠶ ᠮᠡᠷᠭᠡᠵᠢᠯ ᠤᠨ ᠣᠨ ᠤ ᠲᠣᠭᠲᠠᠭᠰᠠᠨ ᠮᠡᠳᠡᠭᠦᠯᠦᠯᠲᠡ ᠶᠢᠨ ᠡᠵᠡᠩᠨᠡᠯᠲᠡ ᠶᠢᠨ ᠪᠠᠶᠢᠳᠠᠯ ᠤᠨ ᠬᠦᠰᠦᠨᠦᠭᠲᠦ᠂

ᠡᠳ᠋ ᠤᠨ ᠶᠠᠪᠤᠳᠠᠯ ᠤᠨ ᠪᠠᠶᠢᠳᠠᠯ ᠤᠨ ᠬᠦᠰᠦᠨᠦᠭᠲᠦ᠂ ᠠᠵᠢᠯᠯᠠᠵᠤ ᠪᠠᠶᠢᠭ᠎ᠠ ᠬᠥᠮᠦᠰ ᠵᠢᠴᠢ ᠴᠠᠯᠢᠩ ᠤᠨ ᠶᠡᠷᠦᠩᠬᠡᠶ ᠲᠣᠭᠠᠨ ᠤ ᠬᠦᠰᠦᠨᠦᠭᠲᠦ ᠵᠡᠷᠭᠡ

ᠮᠡᠳᠡᠭᠦᠯᠦᠯᠲᠡ ᠶᠢᠨ ᠬᠦᠰᠦᠨᠦᠭᠲᠦ ᠳᠤ ᠨᠠᠷᠢᠨ ᠲᠠᠶᠢᠯᠪᠤᠷᠢᠯᠠᠯᠲᠠ ᠬᠢᠵᠦ᠂ ᠠᠮᠠᠷᠬᠠᠨ ᠪᠤᠷᠤᠭᠤᠳᠠᠬᠤ ᠴᠡᠭ ᠤᠨ ᠬᠦᠢᠴᠡᠳᠭᠡᠯ ᠲᠤᠭ᠎ᠠ ᠶᠢ ᠭᠤᠤᠯᠳᠠᠯᠭ᠎ᠠ ᠲᠠᠢ 

ᠴᠢᠬᠤᠯᠠᠴᠢᠯᠠᠪᠠ᠃

    ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂  ᠣᠷᠠᠳ ᠤᠨ ᠡᠮᠦᠨᠡᠲᠤ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ

ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠪᠦᠷᠢᠳᠬᠡᠬᠦ ᠤᠬᠠᠮᠰᠠᠷ ᠢ ᠨᠡᠮᠡᠭᠳᠡᠭᠦᠯᠬᠦ ᠶᠢᠨ ᠬᠠᠮᠲᠤ ᠦᠨᠳᠦᠰᠦᠨ ᠱᠠᠲᠤᠨ ᠤ ᠲᠤᠭ᠎ᠠ

ᠪᠦᠷᠢᠳᠬᠡᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠮᠡᠳᠡᠭᠦᠯᠬᠦ ᠬᠦᠰᠦᠨᠦᠭᠲᠦ ᠶᠢᠨ ᠲᠤᠭ᠎ᠠ

ᠪᠠᠷᠢᠮᠲᠠ ᠶᠢᠨ ᠶᠠᠰᠤ ᠴᠢᠨᠠᠷ ᠢ ᠪᠠᠲᠤᠳᠬᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ