2 ᠰᠠᠷ᠎ᠠ ᠶᠢᠨ 24 ᠤ ᠡᠳᠦᠷ᠂ ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ | ᠬᠢᠪᠠ᠃ | | | | | | ᠬᠤᠰᠢᠭᠤᠨ ᠤ ᠤᠳᠤᠷᠢᠳᠤᠯᠭ᠎ᠠ ᠶᠠᠩ ᠭᠧᠨ ᠬᠣ᠋᠂ ᠪᠠᠶᠠᠨᠪᠢᠯᠢᠭ᠌᠂ ᠯᠢᠦ ᠪᠢᠨ᠂ ᠰᠢᠩ ᠬᠤᠤ ᠳ᠋ᠦᠩ᠂ ᠬᠣ᠋ ᠮᠢᠩ ᠰᠢᠤ ᠬᠤᠷᠠᠯ ᠳᠤ ᠣᠷᠣᠴᠠᠪᠠ | ᠃ | ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ | ᠠᠴᠠ ᠲᠣᠰ ᠵᠢᠯ ᠤᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠬᠡᠰᠡᠭ ᠰᠤᠮᠤ ᠪᠠᠯᠭᠠᠰᠤ ᠳᠡᠰ | ᠳᠠᠷᠠᠭ᠎ᠠ ᠪᠠᠷ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠣᠷᠢᠵᠢᠭᠤᠯᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ | ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ | ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠶᠢᠷᠡᠭᠦᠯᠵᠦ᠂ ᠪᠦᠬᠦ ᠬᠤᠰᠢᠭᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠬᠡᠪᠡ᠃ |