ᠤᠰᠤᠨ ᠳᠤ ᠬᠤᠣᠷᠳᠠᠭᠳᠠᠬᠤ ᠭᠡᠳᠡᠭ ᠨᠢ ᠣᠬᠤᠷᠬᠠᠨ ᠬᠤᠭᠤᠴᠠᠭᠠᠨ ᠳᠤ ᠤᠤᠭᠤᠬᠤ ᠤᠰᠤᠨ ᠤ ᠬᠡᠮᠵᠢᠶ᠎ᠡ ᠨᠢ ᠪᠥᠭᠡᠷᠡᠨ ᠤ ᠰᠣᠯᠢᠯᠴᠠᠭ᠎ᠠ ᠶᠢᠨ | ᠴᠢᠳᠠᠪᠤᠷᠢ ᠠᠴᠠ ᠬᠡᠲᠦᠷᠡᠵᠦ᠂ ᠪᠡᠶ᠎ᠡ ᠶᠢᠨ ᠰᠢᠩᠭᠡᠨ ᠤ ᠥᠳᠬᠡᠴᠡ ᠶᠢ ᠪᠠᠭᠤᠷᠠᠭᠤᠯᠬᠤ᠂ ᠴᠢᠰᠤᠨ ᠤ ᠡᠭᠡᠳᠡᠩ ᠤᠨ ᠨᠠᠲᠷᠢ ᠶᠢᠨ ᠢᠶᠣᠨ ᠤ ᠥᠳᠬᠡᠴᠡ ᠶᠢ | ᠪᠠᠭᠠᠰᠬᠠᠬᠤ᠂ ᠴᠢᠰᠤ ᠶᠢ ᠰᠢᠩᠭᠡᠷᠡᠭᠦᠯᠬᠦ᠂ ᠴᠢᠰᠤᠨ ᠤ ᠡᠭᠡᠳᠡᠩ ᠤᠨ ᠤᠭᠤᠷᠠᠭ ᠤᠨ ᠶᠡᠷᠦᠩᠬᠡᠶ ᠬᠡᠮᠵᠢᠶ᠎ᠡ᠂ ᠴᠢᠰᠤᠨ ᠤ ᠤᠯᠠᠭᠠᠨ ᠤᠭᠤᠷᠠᠭ᠂ ᠤᠯᠠᠭᠠᠨ | ᠡᠰ ᠤᠨ ᠡᠵᠡᠯᠡᠬᠦᠨ ᠢ ᠪᠠᠭᠠᠰᠬᠠᠬᠤ ᠵᠡᠷᠭᠡ ᠠᠰᠠᠭᠤᠳᠠᠯ ᠢ ᠵᠢᠭᠠᠵᠤ ᠪᠠᠶᠢᠨ᠎ᠠ᠃ | ᠵᠠᠷᠢᠮ ᠬᠥᠮᠦᠨ ᠨᠢᠭᠡ ᠯᠡ ᠤᠳᠠᠭ᠎ᠠ ᠳᠤ ᠬᠡᠲᠦᠷᠡᠲᠡᠯ᠎ᠡ ᠤᠰᠤ ᠤᠤᠭᠤᠭᠠᠳ ᠤᠰᠤᠨ ᠳᠤ ᠬᠤᠣᠷᠳᠠᠭᠳᠠᠭᠰᠠᠨ ᠢ ᠰᠣᠨᠢᠨ ᠮᠡᠳᠡᠭᠡᠨ ᠳᠤ ᠮᠡᠳᠡᠭᠡᠯᠡᠵᠦ | ᠥᠩᠭᠡᠷᠡᠭᠰᠡᠨ ᠶᠤᠮ᠃ ᠲᠤᠰᠬᠠᠶ ᠮᠡᠷᠭᠡᠵᠢᠯᠲᠡᠨ ᠤ ᠬᠡᠯᠡᠬᠦ ᠪᠠᠷ᠂ ᠡᠶᠢᠮᠦᠷᠬᠦ ᠪᠠᠶᠢᠳᠠᠯ ᠦᠨᠡᠬᠡᠷ ᠭᠠᠷᠴᠤ ᠮᠡᠳᠡᠨ᠎ᠡ᠂ ᠭᠡᠪᠡᠴᠦ ᠲᠣᠬᠢᠶᠠᠯᠳᠤᠮᠵᠢ ᠨᠢ ᠮᠠᠰᠢ | ᠳᠣᠤᠷ᠎ᠠ ᠪᠠᠶᠢᠳᠠᠭ᠃ ᠪᠢᠳᠡ ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ | ᠨᠥᠬᠦᠪᠥᠷᠢᠯᠡᠳᠡᠭ ᠪᠣᠯᠪᠠᠴᠤ ᠴᠠᠬᠢᠯᠭᠠᠨ ᠵᠠᠳᠠᠯᠤᠭᠳᠠᠬᠤᠨ ᠢ ᠨᠥᠬᠦᠪᠥᠷᠢᠯᠡᠬᠦ ᠦᠭᠡᠢ ᠪᠣᠯ ᠳᠠᠷᠤᠶ ᠤᠰᠤᠨ ᠳᠤ ᠬᠤᠣᠷᠳᠠᠭᠳᠠᠵᠤ ᠮᠡᠳᠡᠨ᠎ᠡ᠃ | ᠪᠥᠭᠡᠷ᠎ᠡ ᠶᠢᠨ ᠠᠵᠢᠯᠯᠠᠭ᠎ᠠ ᠪᠦᠷᠢᠨ ᠪᠤᠰᠤ ᠬᠥᠮᠦᠰ᠂ ᠲᠠᠮᠢᠷᠴᠢᠨ ᠪᠤᠶᠤ ᠥᠨᠳᠥᠷ ᠬᠠᠯᠠᠭᠤᠨ ᠳᠤ ᠠᠵᠢᠯᠯᠠᠵᠤ ᠪᠠᠶᠢᠭ᠎ᠠ ᠬᠥᠮᠦᠰ ᠲᠤ ᠴᠠᠬᠢᠯᠭᠠᠨ | ᠵᠠᠳᠠᠯᠤᠭᠳᠠᠬᠤᠨ ᠲᠠᠢ ᠤᠰᠤ ᠶᠢ ᠤᠳᠠᠭ᠎ᠠ ᠬᠤᠪᠢᠶᠠᠨ ᠤᠤᠭᠤᠯᠭᠠᠵᠤ᠂ ᠬᠡᠲᠦᠷᠡᠲᠡᠯ᠎ᠡ ᠤᠤᠭᠤᠭᠰᠠᠨ ᠤ ᠳᠠᠷᠠᠭ᠎ᠠ ᠴᠠᠬᠢᠯᠭᠠᠨ ᠵᠠᠳᠠᠯᠤᠭᠳᠠᠬᠤᠨ ᠤ ᠰᠠᠮᠠᠭᠤᠷᠠᠯ | ᠡᠭᠦᠰᠭᠡᠬᠦ ᠠᠴᠠ ᠵᠠᠶᠢᠯᠠᠰᠬᠢᠬᠦ ᠶᠢ ᠰᠠᠨᠠᠭᠤᠯᠤᠶ᠎ᠠ᠃ |