ᠬᠠᠲᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠬᠤ ᠠᠵᠢᠯᠯᠠᠭ᠎ᠠ ᠶᠢ ᠵᠣᠭᠰᠣᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/2/28
ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ᠄      ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠡᠳᠦᠷ ᠠᠴᠠ ᠡᠬᠢᠯᠡᠨ᠂ ᠶᠠᠮᠠᠷᠪᠠ ᠨᠢᠭᠡᠴᠢ ᠪᠠ ᠬᠤᠪᠢ ᠬᠥᠮᠦᠨ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠠᠯᠢᠪᠠ ᠪᠥᠲᠥᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ  ᠵᠣᠭᠰᠣᠭᠠᠨ᠎ᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠵᠣᠭᠰᠣᠭᠠᠬᠤ ᠬᠡᠪᠴᠢᠶ᠎ᠡ      ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶ᠎ᠠ᠃     ᠬᠤᠶᠠᠷ᠂ ᠪᠠᠶᠢᠭᠤᠯᠬᠤ ᠶᠢ ᠵᠣᠭᠰᠣᠭᠠᠬᠤ  ᠱᠠᠭᠠᠷᠳᠠᠯᠭ᠎ᠠ᠄     ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠠᠮᠢᠶ᠎ᠠ ᠪᠥᠬᠦᠶ ᠪᠡᠯᠡᠳᠬᠡᠮᠵᠢ ᠪᠠ ᠨᠡᠭᠦᠵᠦ ᠣᠷᠣᠬᠤ ᠬᠥᠮᠦᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠣᠭᠰᠣᠭᠠᠨ᠎ᠠ᠃    ᠭᠤᠷᠪᠠ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠭᠡᠷᠡᠭᠲᠡᠢ    ᠬᠤᠰᠢᠭᠤᠨ ᠤ ᠠᠵᠢᠯ ᠤᠨ ᠲᠤᠰᠬᠠᠶ ᠠᠩᠭᠢ ᠠᠴᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠭᠤᠯᠬᠤ ᠶᠢ ᠵᠣᠭᠰᠣᠭᠠᠭᠰᠠᠨ ᠬᠡᠪᠴᠢᠶᠡᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠠᠮᠢᠶ᠎ᠠ ᠪᠥᠬᠦᠶ ᠲᠥᠬᠦᠭᠡᠷᠦᠮᠵᠢ ᠪᠠ ᠨᠡᠭᠦᠵᠦ ᠢᠷᠡᠭᠰᠡᠨ ᠬᠥᠮᠦᠨ ᠠᠮᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠰ ᠵᠠᠷᠯᠠᠯ ᠢ ᠵᠥᠷᠢᠴᠡᠭᠰᠡᠨ ᠪᠠᠶᠢᠪᠠᠯ᠂ ᠣᠯᠵᠤ ᠮᠡᠳᠡᠪᠡᠯ᠂ ᠲᠡᠳᠡᠨ ᠤ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠬᠠᠤᠯᠢ ᠶᠣᠰᠣᠭᠠᠷ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠲᠤᠨ ᠭᠤᠤᠯ ᠳᠠᠭᠠᠤ ᠶᠢᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠣᠶ ᠰᠢᠭᠤᠶ ᠶᠢᠨ ᠬᠠᠮᠢᠶᠠᠷᠤᠨ ᠬᠠᠮᠠᠭᠠᠯᠠᠬᠤ ᠲᠥᠪ  ᠣᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃     ᠳᠥᠷᠪᠡ᠂ ᠨᠡᠶᠢᠭᠡᠮ ᠤᠨ ᠬᠢᠨᠠᠯᠲᠠ      ᠨᠡᠶᠢᠭᠡᠮ ᠤᠨ ᠡᠯ᠎ᠡ ᠡᠲᠡᠭᠡᠳ ᠤᠨ ᠬᠢᠨ ᠳᠡᠭᠡᠷᠡᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠭᠰᠠᠨ ᠤ ᠳᠠᠷᠠᠭ᠎ᠠ ᠳᠠᠷᠤᠶ ᠲᠦᠷᠭᠡᠨ ᠪᠠᠶᠢᠴᠠᠭᠠᠨ ᠰᠢᠢᠳᠪᠦᠷᠢᠯᠡᠬᠦ  ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃     ᠢᠯᠡᠴᠢᠯᠡᠨ ᠮᠡᠳᠡᠭᠦᠯᠬᠦ ᠤᠲᠠᠰᠤ᠄ 0478 - 3266973᠃     ᠲᠠᠪᠤ᠂ ᠲᠣᠰ ᠵᠠᠷᠯᠠᠯ ᠢ ᠲᠣᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                            ᠡᠭᠦᠨ ᠤ ᠲᠤᠯᠠ ᠣᠨᠴᠠᠭᠠᠶᠢᠯᠠᠨ ᠵᠠᠷᠯᠠᠪᠠ                          ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                              2025 ᠣᠨ ᠤ 2 ᠰᠠᠷ᠎ᠠ ᠶᠢᠨ 26 ᠤ ᠡᠳᠦᠷ               
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ