| ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠡᠨᠡ ᠵᠢᠯ ᠤᠨ 1 ᠳ᠋ᠦ᠋ᠭᠡᠷ ᠰᠠᠷ᠎ᠠ ᠠᠴᠠ ᠨᠠᠭᠠᠰᠢ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ | ᠡᠮᠴᠢᠯᠡᠭᠡ ᠵᠡᠷᠭᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ︕ ᠬᠠᠮᠲᠤ ᠪᠠᠷ | ᠦᠵᠡᠵᠡᠭᠡᠶ᠎ᠡ — | | ᠰᠤᠷᠭᠠᠨ ᠬᠥᠮᠦᠵᠢᠯ ᠤᠨ ᠲᠠᠯ᠎ᠠ ᠪᠠᠷ | ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵2024 — | 2035 ᠣᠨ︶︾ ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ︽ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵2024 — 2035 ᠣᠨ︶︾ ᠶᠢ ᠳᠠᠷᠤᠮᠠᠯᠯᠠᠨ ᠲᠠᠷᠬᠠᠭᠠᠵᠤ | ᠂ ᠬᠤᠶᠠᠷ ᠠᠯᠬᠤᠮ ᠢᠶᠠᠷ ᠶᠠᠪᠤᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ᠃ 2027 ᠣᠨ ᠪᠣᠯᠬᠤ ᠳᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ᠃ 2035 ᠣᠨ | ᠪᠣᠯᠬᠤ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ᠃ ︽ᠬᠥᠲᠥᠯᠪᠦᠷᠢ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ | ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠤᠷᠭᠠᠨᠢᠭ ᠢᠶᠠᠷ ᠠᠬᠢᠭᠤᠯᠵᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ᠄ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠳᠡᠭᠡᠳᠦ ᠵᠡᠷᠭᠡ ᠶᠢᠨ | ᠰᠤᠷᠭᠠᠨ ᠬᠦᠮᠦᠵᠢᠯ ᠤᠨ ᠶᠠᠷᠣᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ᠃ ᠬᠤᠷᠠᠯᠳᠤᠭᠠᠨ ᠢᠶᠠᠷ᠂ ᠶᠡᠭᠡ | ᠳᠡᠭᠡᠳᠦ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ᠂ ᠰᠤᠷᠭᠠᠭᠤᠯᠢ ᠡᠷᠬᠢᠯᠡᠬᠦ | ᠬᠡᠪ ᠵᠠᠭᠪᠤᠷ᠂ ᠵᠠᠰᠠᠯᠲᠠ ᠶᠢᠨ ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ | ᠪᠣᠯᠭᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠬᠤ ᠬᠡᠷᠡᠭᠲᠡᠢ᠃ ᠰᠤᠷᠭᠠᠨ ᠬᠥᠮᠦᠵᠢᠯ ᠤᠨ | ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠣᠨᠴᠠᠯᠢᠭᠲᠤ ᠬᠥᠭᠵᠢᠯᠲᠡ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ ᠰᠤᠳᠤᠯᠤᠯᠲᠠ ᠬᠢᠬᠦ ᠳᠤ ᠨᠢ ᠰᠠᠶᠢᠨ ᠰᠠᠶᠢᠬᠠᠨᠣᠷᠴᠢᠨ ᠨᠦᠬᠦᠴᠡᠯ ᠢ | ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ᠂ ᠰᠤᠷᠭᠠᠨ ᠬᠥᠮᠦᠵᠢᠯ ᠤᠨ ᠶᠠᠮᠤᠨ ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠠᠷᠤᠳᠠᠯ ᠢᠶᠠᠷ ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ | ᠵᠦᠢᠯ ᠳᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ᠂ ᠶᠡᠷᠦᠩᠬᠡᠶ᠋ᠢᠯᠡᠭᠰᠡᠨ | ᠴᠢᠨᠠᠷᠲᠠᠢ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ ᠭᠡᠵᠦ ᠲᠣᠳᠣᠷᠬᠠᠢ | ᠲᠣᠭᠲᠠᠭᠠᠵᠠᠢ᠃ ᠪᠠᠭ᠎ᠠ ᠰᠤᠷᠭᠠᠭᠤᠯᠢ ᠨᠢᠭᠡ ᠪᠦᠷᠢ ᠳᠤ ᠪᠠᠶ᠋ᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ | ᠴᠤᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ ᠵᠠᠬ᠎ᠠ ᠳᠤ ᠪᠠᠨ 1 ᠪᠠᠶᠢᠬᠤ ᠶᠢ ᠠᠬᠢᠭᠤᠯᠤᠨ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ | ᠤᠬᠠᠭᠠᠨ ᠤ ᠳᠡᠳ᠋ ᠵᠠᠬᠢᠷᠤᠯ ᠨᠠᠭᠠᠲᠤ ᠵᠠᠬ᠎ᠠ ᠳᠤ ᠪᠠᠨ 1 ᠪᠠᠶᠢᠬᠤ ᠶᠢ ᠦᠨᠡᠨ ᠬᠦ ᠪᠠᠲᠤᠯᠠᠨ᠎ᠠ᠃ | | | ᠠᠵᠢᠯ ᠣᠯᠭᠤᠯᠲᠠ ᠶᠢ ᠠᠬᠢᠭᠤᠯᠵᠤ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠦᠨ᠎ᠡ ᠁ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠠᠵᠢᠯ ᠣᠯᠭᠤᠯᠲᠠ ᠶᠢ | ᠠᠬᠢᠭᠤᠯᠬᠤ ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠠᠬᠢᠭᠤᠯᠪᠠ᠃ ᠬᠤᠷᠠᠯᠳᠤᠭᠠᠨ ᠢᠶᠠᠷ᠂ ᠠᠵᠢᠯ | ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ | ᠡᠷᠴᠢᠮᠯᠡᠬᠦ᠂ ᠦᠢᠯᠡᠴᠢᠯᠡᠭᠡ ᠪᠠᠷ ᠬᠦᠴᠦᠨ ᠨᠡᠮᠡᠷᠢᠯᠡᠬᠦ ᠶᠢ ᠴᠢᠩᠭᠠᠳᠬᠠᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ | ᠬᠡᠷᠡᠭᠲᠡᠢ᠃ ᠠᠵᠢᠯ ᠣᠯᠭᠤᠬᠤ ᠠᠵᠢᠯ ᠤᠨ ᠪᠠᠶ᠋ᠢᠷᠢ ᠶᠢᠨ ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ | ᠬᠢᠬᠦ ᠬᠡᠷᠡᠭᠲᠡᠢ᠃ ᠭᠤᠣᠯᠳᠠᠯᠭ᠎ᠠ ᠪᠣᠯᠬᠤ ᠬᠦᠮᠦᠰ ᠲᠤ ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ᠂ ᠠᠵᠢᠯ ᠤᠨ ᠪᠠᠶᠢᠷᠢ ᠶᠢ ᠨᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ ᠵᠦᠢᠯ ᠤᠨ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ | ᠴᠣᠭᠴᠠᠯᠠᠬᠤ ᠶᠢ ᠬᠦᠴᠦᠯᠡᠨ ᠳᠡᠮᠵᠢᠬᠦ ᠶᠢ ᠨᠢ ᠠᠬᠢᠭᠤᠯᠵᠤ᠂ ᠠᠵᠢᠯ ᠤᠨ ᠪᠠᠶᠢᠷᠢ ᠶᠢ ᠨᠢ ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ | ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠦᠷᠭᠡᠳᠬᠡᠬᠦ ᠬᠡᠷᠡᠭᠲᠡᠢ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶ᠋ᠢᠩᠭᠤ ᠶᠢᠨ ᠬᠤᠷᠠᠯᠳᠤᠭᠠᠨ᠄ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠶᠢᠳᠬᠡᠵᠦ᠂ | ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠬᠥᠯᠥᠰᠦᠨ ᠠᠵᠢᠯᠴᠢᠨ ᠳᠤ | ᠴᠠᠯᠢᠩ ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ | ᠴᠠᠯᠢᠩ ᠥᠷᠢᠲᠦᠬᠦ ᠲᠣᠪᠣᠶ᠋ᠢᠮᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠬᠡ ᠪᠠᠨ ᠬᠠᠮᠠᠭᠠᠯᠠᠬᠤ | ᠠᠷᠭ᠎ᠠ ᠵᠠᠮ ᠢ ᠨᠢ ᠰᠠᠭᠠᠳ ᠦᠭᠡᠢ ᠨᠠᠪᠲᠠᠷᠡᠭᠦᠯᠵᠦ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠶᠢᠳᠬᠡᠵᠦ᠂ ᠥᠷᠭᠡᠨ ᠣᠯᠠᠨ | ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠠ | ᠲᠥᠪ ᠤᠨ ᠠᠵᠤ ᠠᠬᠤᠶ᠋ᠢᠯᠠᠯ ᠤᠯᠤᠰ ᠤᠨ ᠦᠮᠴᠢᠯᠡᠯᠲᠦ ᠠᠵᠤ ᠠᠬᠤᠶ᠋ᠢᠯᠠᠯ ᠤᠳ ᠢ ᠵᠢᠯᠣᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ | ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ ᠥᠷᠢᠲᠦᠬᠦ ᠶᠢ ᠲᠦᠷᠦᠭᠦᠯᠡᠨ ᠴᠡᠪᠡᠷᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶ᠋ᠢᠯᠠᠯ ᠤᠳ ᠤᠨ | ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ ᠰᠢᠪᠠᠳᠠᠭᠤᠯᠵᠤ ᠪᠠᠶ᠋ᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶ᠋ᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ | ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ᠂ ᠢᠲᠡᠭᠡᠯ ᠠᠯᠳᠠᠭᠰᠠᠳ ᠤᠨ ᠨᠡᠷᠡᠰ ᠢ ᠬᠠᠮᠲᠤ ᠪᠠᠷ ᠬᠦᠷᠲᠡᠬᠦ | ᠲᠣᠭᠲᠠᠴᠠ ᠶᠢ ᠪᠦᠷᠢᠨᠰᠢᠭᠦᠯᠦᠨ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ ᠱᠠᠭᠠᠷᠳᠠᠪᠠ᠃ | ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ | ᠵᠦᠢᠯᠡᠰ ᠤᠨ ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ﹀ 2025 | ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ︾ ᠶᠢ ᠳᠠᠷᠤᠮᠠᠯᠯᠠᠨ ᠶᠠᠪᠤᠭᠤᠯᠪᠠ᠂ ᠲᠡᠷᠡ ᠨᠢ ᠠᠵᠤ | ᠠᠬᠤᠶ᠋ᠢᠯᠠᠯ ᠤᠨ ᠵᠦᠢᠯᠡᠰ ᠪᠠ ᠬᠤᠪᠢ ᠬᠥᠮᠥᠨ ᠤ ᠵᠦᠢᠯᠡᠰ ᠤᠨ 12 ᠲᠠᠯ᠎ᠠ ᠶᠢ ᠬᠠᠮᠤᠷᠴᠠᠢ᠂ ᠵᠢᠰᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶ᠋ᠢᠰᠠ ᠡᠯᠭᠦᠬᠦ᠂ | ᠬᠤᠪᠢ ᠬᠥᠮᠥᠨ ᠤ ᠦᠢᠯᠡᠰ ᠴᠣᠭᠴᠠᠯᠠᠬᠤ᠂ ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ᠂ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ | ᠢᠷᠡᠵᠦ ᠠᠵᠢᠯᠯᠠᠬᠤ᠂ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ | ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ᠨᠢᠭᠡ ᠠᠵᠢᠯ ᠶᠠᠪᠤᠳᠠᠯ︾ ᠪᠣᠢ᠃ | ᠤᠷ᠎ᠠ ᠮᠡᠷᠭᠡᠰᠢᠯ ᠢᠶᠠᠷ ᠠᠵᠤ ᠠᠬᠤᠶ᠋ᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶ᠋ᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ ︽ᠤᠷ᠎ᠠ ᠮᠡᠷᠭᠡᠰᠢᠯ ᠢᠶᠠᠷ ᠠᠵᠤ | ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠢ | ᠵᠢᠯᠣᠭᠤᠳᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ᠂ ᠴᠠᠯᠢᠩ ᠤᠨ | ᠬᠤᠪᠢᠶᠠᠷᠢᠯᠠᠯᠲᠠ ᠶᠢ ᠵᠠᠩᠭᠢᠯᠠᠭ᠎ᠠ ᠶᠢᠨ ᠠᠵᠢᠯ ᠤᠨ ᠪᠠᠶᠢᠷᠢ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ | ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ ᠬᠡᠯᠪᠡᠶᠢᠯᠬᠡᠬᠦ ᠶᠢ ᠠᠬᠢᠭᠤᠯᠪᠠ᠃ | | ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠬᠦ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶ᠋ᠢᠷᠡᠭᠦᠯᠬᠦ ᠲᠤᠬᠠᠢ ᠰᠠᠨᠠᠯ︾ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠦᠢᠯᠡᠴᠢᠯᠡᠭᠡ ᠳᠤ ᠴᠢᠳᠠᠪᠤᠷᠢ ᠪᠠᠨ ᠠᠯᠳᠠᠭᠰᠠᠨ ᠨᠠᠰᠤᠲᠠᠶ᠋ᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ | ᠳᠤᠷᠠᠳᠴᠠᠢ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ | ᠱᠠᠭᠠᠷᠳᠠᠵᠤ᠂ ᠭᠠᠵᠠᠷ ᠣᠷᠣᠨ ᠤ ᠪᠠᠶ᠋ᠢᠳᠠᠯ ᠳᠤ ᠨᠢ ᠳᠣᠬᠢᠷᠠᠭᠤᠯᠵᠤ ᠪᠠᠶ᠋ᠢᠭᠠᠳ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠬᠡᠬᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠵᠣᠬᠢᠶᠠᠨ ᠪᠠᠶ᠋ᠢᠭᠤᠯᠤᠨ ᠬᠥᠭᠵᠢᠭᠦᠯᠬᠦ ᠵᠡᠷᠭᠡ ᠠᠷᠭ᠎ᠠ ᠪᠠᠷᠢᠯ ᠢ ᠳᠤᠷᠠᠳᠪᠠ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ︕ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ᠂ | ᠬᠤᠳᠠ ᠬᠥᠳᠡᠭᠡ ᠶᠢ ᠠᠭᠤᠰᠤᠯᠴᠠᠭᠤᠯᠤᠨ ᠭᠥᠭᠵᠢᠭᠦᠯᠬᠦ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ᠂ ᠤᠯᠠᠨ ᠲᠦᠮᠡᠨ ᠤ ᠡᠷᠡᠭᠦᠯ ᠮᠡᠨᠳᠦ ᠶᠢᠨ | ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ | ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ | ᠦᠵᠡᠭᠦᠯᠬᠦ ᠳᠤ ᠨᠢ ᠨᠡᠩ ᠢᠯᠡᠭᠦᠦ ᠳᠦᠬᠦᠮᠯᠡᠬᠦ ᠬᠡᠷᠡᠭᠲᠡᠢ᠃ ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠡᠮᠴᠢᠯᠡᠭᠡᠨ ᠤ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ ᠡᠮᠴᠢᠯᠡᠭᠡᠨ ᠤ ᠪᠡᠯᠡᠳᠬᠡᠮᠵᠢ ᠶᠢᠨ | ᠲᠣᠬᠢᠷᠠᠭᠤᠯᠤᠯᠲᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ᠂ ᠡᠮᠨᠡᠯᠭᠡ ᠶᠢᠨ ᠠᠵᠢᠯᠲᠠᠳ ᠤᠨ | ᠪᠣᠯᠪᠠᠰᠤᠷᠠᠯ ᠢ ᠴᠢᠩᠭᠠᠳᠬᠠᠵᠤ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ | ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠰᠠᠨᠠᠯ︾ ᠢ ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ᠂ | ᠬᠢᠨᠠᠨ ᠦᠨᠡᠯᠡᠬᠦ ᠬᠢᠨᠠᠨ ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠤᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ | ᠡᠮᠴᠢᠯᠡᠭᠡᠨ ᠤ ᠪᠠᠭᠠᠵᠢ ᠬᠡᠷᠡᠭᠰᠡᠯ ᠲᠡᠶᠢᠰᠢ ᠨᠡᠩ ᠢᠯᠡᠭᠦᠦ ᠬᠡᠯᠪᠠᠶᠢᠯᠭᠡᠵᠦ᠂ ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ᠂ ᠬᠡᠦᠬᠡᠳ ᠲᠤ | ᠬᠡᠷᠡᠭᠯᠡᠬᠦ ᠡᠮ ᠤᠨ ᠵᠦᠢᠯ᠂ ᠬᠢᠮᠢ ᠶᠢᠨ ᠠᠩᠬᠠᠳᠠᠭᠴᠢ ᠳᠠᠭᠤᠷᠢᠶᠠᠮᠠᠯ ᠡᠮ ᠵᠢᠴᠢ ᠲᠤᠰᠠᠭᠠᠷ ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ | ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ ᠣᠯᠭᠤᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠦᠩᠭᠦ ᠶᠢ ᠴᠤᠴᠠᠯᠬᠤ ᠪᠠ ᠵᠢᠷᠤᠮᠵᠢᠭᠤᠯᠵᠤ᠂ 3 ᠳ᠋ᠤᠭᠠᠷ | ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ᠂ 2025 ᠣᠨ ᠤ 3 ᠳ᠋ᠤᠭᠠᠷ ᠰᠠᠷ᠎ᠠ ᠠᠴᠠ | ᠡᠬᠢᠯᠡᠨ᠂ ᠪᠥᠬᠦ ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ | ᠮᠥᠩᠭᠦ ᠶᠢ ᠴᠤᠴᠠᠯᠵᠤ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ | ᠳᠠᠭᠠᠳᠬᠠᠯ ᠤᠨ ᠡᠪᠡᠳᠴᠢᠲᠡᠨ ᠤ ᠬᠤᠪᠢ ᠬᠥᠮᠦᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤ ᠨᠢ | ᠳ᠋ᠦᠩᠨᠡᠨ ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠶ ᠳᠤ ᠨᠢ | ᠳ᠋ᠦᠩᠨᠡᠨ ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠲᠠᠬᠢ | ᠨᠢᠭᠡᠳᠦᠯᠲᠡᠶ ᠲᠥᠯᠥᠪᠯᠡᠭᠡ ᠶᠢᠨ 80% ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ | ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ | 2026 ᠣᠨ ᠳᠤ ᠪᠥᠬᠦ ᠤᠯᠤᠰ ᠲᠠᠬᠢ ᠨᠢᠭᠡᠳᠦᠯᠲᠡᠶ ᠲᠥᠯᠥᠪᠯᠡᠭᠡ ᠶᠢᠨ ᠪᠣᠶ ᠪᠥᠬᠦᠶ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ | ᠡᠷᠦᠬᠡ ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠶ ᠲᠣᠭᠲᠠᠭᠠᠵᠤ᠂ ᠣᠷᠣᠯᠴᠠᠬᠤ ᠶᠣᠰᠣᠲᠠᠶ ᠶᠢ ᠨᠢ ᠴᠥᠮ | ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ᠃ ᠬᠡᠲᠦ ᠲᠣᠮᠣ ᠬᠤᠲᠠ᠂ ᠣᠨᠴᠠ ᠶᠡᠭᠡ ᠬᠤᠲᠠ ᠳᠤ ᠠᠮᠢᠳᠤᠯᠢᠭ ᠢᠶᠠᠷ ᠠᠵᠢᠯ ᠣᠯᠤᠭᠰᠠᠳ ᠠᠵᠢᠯ | ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ | ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ | ︽ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠳᠤ ᠲᠥᠬᠦᠮ ᠨᠥᠬᠦᠴᠡᠯ ᠡᠭᠦᠳᠴᠦ᠂ ᠰᠤᠷᠤᠭᠴᠢᠳ ᠤᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ᠦᠷᠡᠵᠢᠯ ᠳᠤ ᠨᠥᠬᠦᠷᠰᠡᠭ ᠡᠮᠨᠡᠯᠭᠡ ᠶᠢᠨ | ᠬᠤᠷᠢᠶᠠᠨ ᠤ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠦᠷᠡᠵᠢᠯ ᠳᠤ ᠨᠥᠬᠦᠷᠰᠡᠭ | ᠡᠮᠨᠡᠯᠭᠡ ᠶᠢᠨ ᠬᠤᠷᠢᠶ᠎ᠠ ᠨᠢ ᠬᠥᠩᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠬᠡᠤᠬᠡᠳ ᠲᠤ ᠨᠥᠬᠦᠷᠰᠡᠭ ᠡᠮᠨᠡᠯᠭᠡ ᠶᠢᠨ | ᠬᠤᠷᠢᠶᠠᠨ ᠤ ᠪᠠᠶᠢᠭᠤᠯᠤᠯᠲᠠ ᠶᠢ ᠥᠷᠨᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ 2030 ᠣᠨ ᠪᠣᠯᠬᠤ ᠳᠤ᠂ ᠬᠡᠤᠬᠡᠳ ᠲᠤ ᠨᠥᠬᠦᠷᠰᠡᠭ | ᠡᠮᠨᠡᠯᠭᠡ ᠶᠢᠨ ᠬᠤᠷᠢᠶ᠎ᠠ ᠨᠢ ᠬᠡᠤᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ | ᠬᠡᠤᠬᠡᠳ ᠤᠨ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ ᠬᠠᠷᠢᠴᠠᠯ ᠢ | 90% ᠠᠴᠠ ᠳᠡᠭᠡᠭᠰᠢ ᠳᠤ ᠬᠦᠷᠭᠡᠬᠦ ᠪᠣᠯᠤᠮᠵᠢ ᠲᠠᠢ᠃ | | |