ᠥᠨᠥᠳᠦᠷ ᠠᠴᠠ ᠦᠨ᠎ᠡ ᠶᠢ ᠥᠰᠬᠡᠨ᠎ᠡ
ᠨᠡᠶᠢᠲᠡᠯᠡᠭᠰᠡᠨ ᠴᠠᠭ᠄
2025/2/7
      ᠰᠤᠷᠪᠤᠯᠵᠢᠯᠠᠭᠴᠢ ᠣᠯᠠᠨ ᠠᠭᠠᠷ ᠤᠨ ᠠᠶᠠᠯᠠᠯ ᠤᠨ ᠺᠣᠮᠫᠠᠨᠢ ᠠᠴᠠ  ᠣᠶᠢᠯᠠᠭᠠᠭᠰᠠᠨ ᠢᠶᠠᠷ᠂ 2 ᠰᠠᠷ᠎ᠠ ᠶᠢᠨ 5 ᠤ ᠡᠳᠦᠷ ᠤᠨ ᠲᠡᠭ ᠴᠠᠭ ᠠᠴᠠ ᠡᠬᠢᠯᠡᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠢ ᠥᠰᠬᠡᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠠᠰᠤᠨ ᠳᠤ ᠬᠦᠷᠦᠭᠰᠡᠳ ᠤᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠪᠠᠷᠢᠮᠵᠢᠶ᠎ᠠ ᠨᠢ 800 ᠺᠢᠯᠣᠮᠧᠲᠷ ᠵᠢᠴᠢ ᠲᠡᠭᠦᠨ ᠠᠴᠠ ᠳᠣᠷᠣᠭᠰᠢᠬᠢ ᠠᠭᠠᠷ ᠤᠨ ᠠᠶᠠᠯᠠᠯ ᠤᠨ ᠬᠡᠰᠡᠭ ᠠᠴᠠ᠂ ᠬᠥᠮᠦᠨ ᠪᠦᠷᠢ ᠠᠴᠠ 20 ᠲᠥᠭᠦᠷᠢᠭ ᠬᠤᠷᠢᠶᠠᠨ᠎ᠠ︔ 800 ᠺᠢᠯᠣᠮᠧᠲᠷ ᠠᠴᠠ ᠳᠡᠭᠡᠭᠰᠢᠬᠢ ᠠᠭᠠᠷ ᠤᠨ ᠠᠶᠠᠯᠠᠯ ᠤᠨ ᠬᠡᠰᠡᠭ ᠠᠴᠠ ᠬᠥᠮᠦᠨ ᠪᠦᠷᠢ ᠠᠴᠠ 40 ᠲᠥᠭᠦᠷᠢᠭ ᠬᠤᠷᠢᠶᠠᠨ᠎ᠠ᠃ ᠲᠣᠬᠢᠷᠠᠭᠤᠯᠤᠯᠲᠠ ᠬᠢᠬᠦ ᠠᠴᠠ ᠡᠮᠦᠨᠡᠬᠢ ᠪᠠᠷᠢᠮᠵᠢᠶ᠎ᠠ ᠲᠠᠢ ᠬᠠᠷᠢᠴᠠᠭᠤᠯᠪᠠᠯ᠂ ᠲᠣᠰ ᠲᠣᠰ 10 ᠲᠥᠭᠦᠷᠢᠭ ᠪᠠ 20 ᠲᠥᠭᠦᠷᠢᠭ ᠦᠰᠭᠡᠪᠡ᠃ ᠡᠭᠦᠨ ᠳᠤ᠂ ᠬᠡᠦᠬᠡᠳ᠂ ᠬᠤᠪᠢᠰᠬᠠᠯᠲᠤ ᠵᠡᠮᠳᠡᠭ ᠴᠡᠷᠢᠭ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ ᠠᠷᠠᠳ ᠤᠨ ᠴᠠᠭᠳᠠᠭ᠎ᠠ ᠠᠴᠠ ᠪᠣᠳᠠᠲᠠᠶ ᠬᠤᠷᠢᠶᠠᠬᠤ ᠪᠠᠷᠢᠮᠵᠢᠶ᠎ᠠ ᠶᠢᠨ ᠬᠠᠭᠠᠰ ᠢᠶᠠᠷ ᠬᠤᠷᠢᠶᠠᠨ᠎ᠠ᠂ ᠨᠢᠯᠬ᠎ᠠ ᠬᠡᠦᠬᠡᠳ ᠠᠴᠠ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠥᠬᠡᠶ᠃ ᠡᠨᠡ ᠪᠣᠯ ᠡᠨᠡ ᠵᠢᠯ ᠠᠴᠠ ᠨᠠᠭᠠᠰᠢ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠳᠤ ᠠᠩᠬ᠎ᠠ ᠤᠳᠠᠭ᠎ᠠ ᠲᠣᠬᠢᠷᠠᠭᠤᠯᠤᠯᠲᠠ ᠬᠢᠵᠦ  ᠪᠠᠶᠢᠭ᠎ᠠ ᠶᠠᠪᠤᠳᠠᠯ ᠪᠤᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ