2 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠤᠷᠠᠳ ᠤᠨ ᠡᠮᠦᠨᠡᠲᠦ ᠬᠤᠰᠢᠭᠤ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠣᠮ ᠤᠩᠰᠢᠬᠤ ᠠᠩᠭᠢ ᠵᠢᠴᠢ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ | ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠭᠧᠨ ᠬᠤ᠋ ᠬᠤᠷᠠᠯ ᠡᠷᠭᠢᠯᠡᠪᠡ᠃ | | | | | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠡᠯ᠎ᠡ | ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠤᠰᠢᠭᠤᠨ ᠳᠤ ᠰᠠᠭᠤᠭ᠎ᠠ | ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃ | ᠲᠣᠰ ᠬᠤᠭᠤᠴᠠᠭᠠᠨ ᠤ ᠨᠣᠮ ᠤᠩᠰᠢᠬᠤ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠣᠭᠳᠠᠵᠣ᠂ ᠡᠨᠡ ᠬᠤᠭᠤᠴᠠᠭᠠᠨ ᠳᠤ ᠣᠯᠠᠨ | ᠲᠤᠰᠬᠠᠶ ᠮᠡᠷᠭᠡᠵᠢᠯᠲᠡᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠵᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠵᠡᠶ᠃ ᠪᠤᠭᠤᠲᠤ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠢ ᠪᠢᠩ ᠵᠢᠩ ᠳᠡᠳ᠋ ᠫᠷᠤᠹᠧᠰᠰᠤᠷ ᠠᠴᠠ ︽ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ︾ ᠶᠢᠨ ᠲᠣᠭᠤᠷᠢᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠬᠡᠪᠡ︔ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠠᠨ ᠵᠢᠩ ᠽᠧ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ᠂ | ᠤᠷᠠᠳ ᠤᠨ ᠡᠮᠦᠨᠡᠲᠦ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ | ᠨᠢᠭᠡ ᠤᠳᠠᠭᠠᠨ ᠤ ᠥᠨᠳᠥᠷ ᠲᠦᠪᠰᠢᠨ ᠲᠠᠢ᠂ ᠭᠦᠨᠵᠡᠭᠡᠶ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠥᠷᠨᠢᠭᠦᠯᠪᠡ᠃ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠰᠠᠯᠠᠭᠠᠨ ᠤ ᠳᠠᠷᠤᠭ᠎ᠠ ᠾᠧ ᠱᠧᠩ ᡁᠢ | ᠵᠢᠴᠢ ᠨᠡᠶᠢᠭᠡᠮ ᠤᠨ ᠬᠥᠭᠵᠢᠯᠲᠡ ᠶᠢᠨ ᠰᠠᠯᠠᠭ᠎ᠠ᠂ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠰᠠᠯᠠᠭᠠᠨ ᠤ ᠬᠠᠷᠢᠭᠤᠴᠠᠯᠭᠠᠲᠠᠨ ᠲᠣᠰ ᠲᠣᠰ | ᠬᠤᠯᠪᠣᠭᠳᠠᠯ ᠪᠥᠬᠦᠶ ᠬᠦᠷᠢᠶᠡᠨ ᠤ ᠲᠥᠷᠥᠯ ᠵᠦᠢᠯ ᠢ ᠲᠥᠯᠥᠪᠵᠢᠭᠦᠯᠬᠦ᠂ ᠨᠥᠭᠡᠴᠡᠯᠡᠬᠦ᠂ ᠭᠤᠶᠤᠴᠢᠯᠠᠨ ᠮᠡᠳᠡᠭᠦᠯᠬᠦ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠵᠢᠴᠢ ᠠᠩᠬᠠᠷᠬᠤ ᠵᠦᠢᠯᠡᠰ ᠤᠨ ᠲᠤᠬᠠᠶ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠲᠠᠶᠢᠯᠤᠮᠵᠢ ᠶᠢᠨ ᠭᠤᠤᠯ ᠰᠡᠳᠦᠪ ᠨᠢ ᠢᠯᠡ | ᠲᠣᠳᠣ᠂ ᠲᠠᠶᠢᠯᠤᠮᠵᠢ ᠨᠢ ᠨᠡᠪᠲᠡᠷᠬᠡᠶ ᠪᠠᠶᠢᠵᠤ᠂ ᠮᠠᠰᠢ ᠴᠢᠩᠭ᠎ᠠ ᠣᠨᠣᠯ ᠤᠨ ᠴᠢᠨᠠᠷ ᠪᠠ ᠦᠵᠡᠯ ᠰᠠᠨᠠᠭᠠᠴᠢ ᠴᠢᠨᠠᠷ ᠲᠠᠢ ᠪᠠᠶᠢᠵᠤ᠂ ᠪᠥᠬᠦ ᠬᠤᠰᠢᠭᠤᠨ ᠤ | ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠳᠤ ᠴᠢᠬᠤᠯᠠ ᠯᠠᠪᠯᠠᠯᠲᠠ ᠶᠢᠨ ᠦᠨ᠎ᠡ ᠥᠷᠲᠡᠭ ᠪᠠ ᠵᠢᠯᠣᠭᠤᠳᠬᠤ ᠦᠢᠯᠡᠳᠦᠯ ᠲᠠᠢ | ᠶᠤᠮ᠃ ᠡᠭᠦᠨ ᠠᠴᠠ ᠭᠠᠳᠠᠨ᠎ᠠ᠂ ᠨᠣᠮ ᠤᠩᠰᠢᠬᠤ ᠠᠩᠭᠢ ᠶᠢᠨ ᠬᠤᠭᠤᠴᠠᠭᠠᠨ ᠳᠤ᠂ ᠣᠶ ᠰᠢᠭᠤᠶ ᠡᠪᠡᠰᠦ ᠪᠡᠯᠴᠢᠭᠡᠷ᠂ ᠤᠰᠤᠨ ᠠᠰᠢᠭᠯᠠᠯᠲᠠ᠂ | ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠰᠢᠨᠵᠢᠯᠡᠬᠦ ᠤᠬᠠᠭᠠᠨ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ 5 ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠲᠣᠰ ᠬᠦᠷᠢᠶᠡᠨ ᠳᠠᠬᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠶᠢᠯᠤᠮᠵᠢ ᠬᠢᠪᠠ᠃ ᠨᠣᠮ | ᠤᠩᠰᠢᠬᠤ ᠠᠩᠬᠢ ᠶᠢᠨ ᠬᠢᠨ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠬᠤᠷᠠᠯ ᠠᠴᠠ᠂ ᠪᠦᠬᠦ ᠨᠠᠮ ᠤᠨ ᠭᠡᠰᠢᠭᠦᠨ ᠺᠠᠳ᠋ᠷ ᠲᠤᠰ ᠤᠳᠠᠭᠠᠨ ᠤ ᠨᠣᠮ ᠤᠩᠰᠢᠬᠤ ᠠᠩᠬᠢ ᠪᠠᠷ ᠰᠢᠨ᠎ᠡ ᠭᠠᠷᠤᠭ᠎ᠠ ᠪᠣᠯᠭᠠᠵᠤ᠂ ᠦᠵᠡᠯ | ᠰᠠᠨᠠᠭᠠᠨ ᠤ ᠵᠢᠯᠤᠭᠤᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠷᠢᠮᠲᠠᠯᠠᠵᠤ | ᠂ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠨᠢᠭᠡ ᠵᠢᠯ ᠤᠨ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ | ᠱᠠᠭᠠᠷᠳᠠᠪᠠ᠃ | | | | |