— ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠳᠤᠮᠳᠠᠳᠤ ᠤᠯᠤᠰ ᠤᠨ ᠠᠷᠠᠳᠴᠢᠯᠠᠯ ᠢᠶᠠᠷ | ᠠᠬᠢᠭᠤᠯᠬᠤ ᠬᠤᠷᠠᠯ ᠰᠤᠷᠭᠠᠨ ᠬᠥᠮᠦᠵᠢᠯ ᠤᠨ ᠡᠲᠡᠭᠡᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠮᠠᠨ ᠤ ᠣᠷᠣᠨ ᠳᠤ | ᠬᠠᠯᠠᠭᠤᠨ ᠲᠤᠰᠬᠠᠯ ᠭᠠᠷᠪᠠ | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ | ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠶᠢᠨ ᠬᠠᠮᠲᠤ | ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠬᠤ ᠦᠶ᠎ᠠ ᠶᠢᠨ ᠴᠢᠬᠤᠯᠠ ᠶᠠᠷᠢᠶ᠎ᠠ ᠨᠢ ᠮᠠᠨ ᠤ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ | ᠳᠤᠮᠳᠠ ᠬᠠᠯᠠᠭᠤᠨ ᠲᠤᠰᠬᠠᠯ ᠭᠠᠷᠪᠠ᠃ ᠤᠯᠠᠨ ᠢᠶᠠᠷ ᠢᠶᠠᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠤᠰ ᠲᠤᠰ ᠤᠨ ᠬᠦᠷᠢᠶᠡᠨ ᠳᠡᠭᠡᠨ ᠰᠤᠷᠭᠠᠨ | ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ | ᠪᠠᠶᠢᠭᠤᠯᠬᠤ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠢᠯᠡᠳᠭᠡᠵᠡᠭᠡᠪᠡ᠃ | ᠲᠠᠪᠤᠨ ᠬᠥᠮᠦᠵᠢᠯ ᠢ ᠵᠡᠷᠭᠡ ᠪᠠᠷ ᠠᠳᠬᠤᠵᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠰᠢᠨ᠎ᠡ ᠠᠯᠬᠤᠮ ᠢ ᠠᠯᠬᠤᠨ᠎ᠠ | ᠶᠡᠷᠦᠩᠬᠡᠢ ᠱᠦᠵᠢ ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠠᠶᠢᠭᠤᠯᠬᠤ ᠳᠤ ᠡᠷᠬᠡᠪᠰᠢ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠷᠢᠮᠲᠠᠯᠠᠵᠤ᠂ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠬᠦᠴᠦᠷᠬᠡᠭ | ᠶᠡᠭᠡ ᠬᠥᠳᠡᠯᠭᠡᠬᠦ ᠡᠨᠧᠷᠭᠢ ᠨᠡᠮᠡᠷᠢᠯᠡᠪᠡ᠃ ᠰᠤᠷᠭᠠᠭᠤᠯᠢ ᠶᠢᠨ ᠬᠠᠮᠢᠶᠠᠷᠤᠭᠴᠢ ᠪᠣᠯᠤᠭᠰᠠᠨ ᠤ ᠬᠤᠪᠢ ᠳᠤ ᠪᠢ ᠮᠠᠰᠢ ᠶᠡᠭᠡ ᠬᠠᠷᠢᠭᠤᠴᠠᠯᠭ᠎ᠠ ᠲᠠᠢ ᠰᠤᠷᠭᠠᠨ | ᠬᠥᠮᠦᠵᠢᠯ ᠤᠨ ᠬᠦᠷᠢᠶᠡᠨ ᠤ ᠠᠵᠢᠯᠳᠠᠨ ᠪᠣᠯᠤᠭᠰᠠᠨ ᠤ ᠬᠤᠪᠢ ᠳᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ | ᠴᠢᠳᠠᠪᠤᠷᠢᠲᠠᠨ ᠬᠥᠮᠦᠵᠢᠭᠦᠯᠬᠦ ᠤᠭ ᠰᠠᠨᠠᠭ᠎ᠠ ᠪᠠᠨ ᠢᠮᠠᠭᠲᠠ ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︿ᠲᠠᠪᠤᠨ ᠬᠠᠮᠲᠤ ᠶᠢᠨ ᠲᠠᠨᠢᠯᠲᠠ﹀ ᠪᠠᠷ ᠦᠨᠳᠦᠰᠦ ᠶᠢ ᠪᠤᠶᠢᠵᠢᠭᠤᠯᠵᠤ ᠰᠦᠭ | ᠰᠦᠨᠡᠰᠦ ᠶᠢ ᠱᠤᠭᠤᠵᠤ᠂ ︿ᠲᠠᠪᠤᠨ ᠬᠥᠮᠦᠵᠢᠯ ᠢ ᠵᠡᠷᠭᠡ ᠪᠠᠷ ᠠᠳᠬᠤᠬᠤ﹀ ᠶᠢ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠬᠠᠶᠢᠷ᠎ᠠ | ᠰᠡᠳᠭᠢᠯᠭᠡ ᠲᠠᠢ ᠪᠦᠬᠦ ᠲᠠᠯ᠎ᠠ ᠪᠠᠷ ᠬᠦᠭᠵᠢᠭᠰᠡᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠴᠢᠷᠮᠠᠶᠢᠨ᠎ᠠ᠃ ᠪᠢᠳᠡ | ᠭᠤᠣᠯᠯᠠᠭᠴᠢ ᠬᠡᠪ ᠪᠣᠯᠪᠠᠰᠤᠷᠠᠯ ᠢ ᠪᠤᠶᠢᠵᠢᠭᠤᠯᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠰᠤᠷᠤᠭᠴᠢᠳ ᠤᠨ ᠬᠡᠷᠡᠭᠴᠡᠭᠡ ᠶᠢ ᠬᠠᠩᠭᠠᠬᠤ᠂ | ᠴᠠᠭ ᠦᠶ᠎ᠡ ᠶᠢᠨ ᠬᠥᠭᠵᠢᠯᠲᠡ ᠲᠠᠢ ᠨᠡᠶᠢᠴᠡᠬᠦ ᠰᠤᠷᠭᠠᠨ ᠬᠥᠮᠦᠵᠢᠯ ᠤᠨ ᠵᠠᠭᠪᠤᠷ ᠢ ᠪᠠᠶᠢᠭᠤᠯᠤᠨ᠎ᠠ᠃ ︿ᠶᠡᠭᠡ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ﹀ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠢᠴᠢᠶᠡᠯ ᠤᠨ ᠲᠠᠩᠬᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠨᠴᠠᠯᠢᠭᠳᠤ | ᠬᠢᠴᠢᠶᠡᠯ ᠪᠠ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠰᠤᠷᠤᠭᠴᠢᠳ ᠤᠨ ᠥᠪᠡᠷᠮᠢᠴᠡ ᠣᠨᠴᠠᠯᠢᠭ ᠲᠠᠢ ᠪᠠᠷ ᠦᠰᠦᠨ ᠪᠤᠶᠢᠵᠢᠬᠤ ᠰᠢᠮᠡᠳᠦ ᠬᠥᠷᠥᠰᠥ | ᠪᠣᠯᠭᠠᠵᠤ᠂ ᠬᠥᠳᠡᠯᠮᠦᠷᠢ ᠶᠢᠨ ᠦᠢᠯᠡᠳᠦᠯᠭᠡ ᠶᠢ ᠬᠡᠪ ᠴᠢᠨᠠᠷ ᠢ ᠳᠠᠪᠲᠠᠨ ᠪᠣᠯᠪᠠᠰᠤᠷᠠᠭᠤᠯᠬᠤ ᠵᠤᠤᠬ᠎ᠠ ᠪᠣᠯᠭᠠᠨ᠎ᠠ᠃ ᠡᠭᠦᠨ ᠤ ᠬᠠᠮᠲᠤ᠂ ᠰᠤᠷᠭᠠᠨ | ᠬᠥᠮᠦᠵᠢᠯ ᠤᠨ ᠠᠵᠢᠯ ᠤᠨ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠪᠢ ᠰᠤᠷᠭᠠᠨ ᠬᠦᠮᠦᠵᠢᠬᠦᠯᠦᠭᠴᠢ ᠶᠢᠨ ᠵᠣᠷᠢᠭ ᠰᠠᠨᠠᠭ᠎ᠠ ᠶᠢ ᠪᠠᠷᠢᠮᠲᠠᠯᠠᠵᠤ᠂ | ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠰᠢᠨ᠎ᠡ ᠵᠠᠮ ᠢ ᠬᠠᠶᠢᠨ ᠰᠦᠪᠡᠭᠴᠢᠯᠡᠵᠦ᠂ ᠡᠬᠡᠯ ᠠᠷᠠᠳ ᠤᠨ | ᠲᠡᠷᠭᠡᠳᠡᠬᠢ ᠰᠠᠶᠢᠨ ᠰᠤᠷᠭᠠᠭᠤᠯᠢ ᠶᠢ ᠴᠢᠷᠮᠠᠶᠢᠨ ᠪᠠᠶᠢᠭᠤᠯᠤᠨ᠎ᠠ︾ ᠭᠡᠵᠤ ᠬᠡᠯᠡᠪᠡ᠃ | ᠶᠡᠷᠦᠩᠬᠡᠶ ᠱᠦᠵᠢ ᠰᠢ ᠶᠢᠨ ᠫᠢᠩ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠳᠤ ᠳᠠᠬᠢᠨᠲᠠ ᠴᠢᠬᠤᠯᠠ ᠵᠢᠭᠠᠪᠤᠷᠢ ᠥᠭᠪᠡ | ᠂ ᠡᠨᠡ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ ᠵᠧᠤ | ᠶᠣᠣ ᠳᠤ ᠮᠠᠰᠢ ᠶᠡᠭᠡ ᠵᠣᠷᠢᠭᠵᠢᠭᠤᠯᠤᠯ ᠪᠣᠯᠵᠤ᠄ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠤᠭᠰᠠᠨ ᠤ ᠬᠤᠪᠢ ᠳᠤ᠂ ᠪᠢ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠨᠠᠷᠢᠨ | ᠨᠢᠮᠪᠠᠶ ᠰᠤᠳᠤᠯᠤᠨ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠠᠮᠢᠳᠤᠯᠢᠭ ᠪᠣᠳᠠᠲᠠᠶ ᠴᠠᠭ ᠤᠨ ᠪᠠᠶᠢᠳᠠᠯ ᠤᠨ ᠬᠡᠷᠡᠭ ᠤᠨ ᠵᠢᠱᠢᠶ᠎ᠡ ᠶᠢ | ᠣᠷᠣᠭᠤᠯᠬᠤ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠬᠢᠴᠢᠶᠡᠯ ᠤᠨ ᠲᠠᠩᠬᠢᠮ ᠤᠨ ᠶᠠᠷᠢᠯᠴᠠᠭ᠎ᠠ ᠶᠢ ᠵᠣᠬᠢᠶᠠᠨ ᠪᠠᠶᠢᠭᠤᠯᠬᠤ᠂ ᠭᠦᠨ ᠭᠦᠨᠵᠡᠭᠡᠶ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠵᠡᠷᠭᠡ ᠪᠠᠷ ᠳᠠᠮᠵᠢᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠤᠨ ᠬᠦᠴᠦᠷᠬᠡᠭ ᠶᠡᠭᠡ | ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠪᠠᠳᠠᠷᠠᠭᠤᠯᠵᠤ᠂ ᠰᠤᠷᠤᠭᠴᠢᠳ ᠤᠨ ᠠᠯᠤᠰ ᠬᠡᠲᠦ ᠶᠢᠨ ᠬᠦᠰᠡᠯᠡᠩ ᠢ ᠪᠣᠶ ᠪᠣᠯᠭᠠᠬᠤ᠂ ᠡᠬᠡ ᠣᠷᠣᠨᠴᠢ | ᠬᠠᠶᠢᠷ᠎ᠠ ᠰᠡᠳᠭᠢᠯᠭᠡ ᠶᠢ ᠵᠤᠵᠠᠭᠠᠳᠬᠠᠬᠤ ᠶᠢ ᠬᠥᠲᠥᠯᠥᠨ ᠳᠠᠭᠠᠭᠤᠯᠤᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠱᠦᠵᠢ | ᠪᠣᠯᠤᠭᠰᠠᠨ ᠤ ᠬᠤᠪᠢ ᠳᠤ᠂ ᠪᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠡᠯᠪᠡᠷᠢ ᠪᠠᠷ ᠪᠠᠶᠠᠯᠢᠭ ᠰᠤᠷᠭᠠᠭᠤᠯᠢ ᠶᠢᠨ | ᠬᠦᠷᠢᠶᠡᠨ ᠤ ᠰᠣᠶᠣᠯ ᠤᠨ ᠠᠵᠢᠯᠯᠠᠭ᠎ᠠ ᠦᠷᠨᠢᠬᠦᠯᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠣᠯᠤᠨ ᠰᠢᠨ᠎ᠡ ᠶᠢ ᠡᠭᠦᠳᠬᠦ | ᠴᠢᠳᠠᠪᠤᠷᠢ ᠶᠢ ᠬᠦᠴᠦᠯᠡᠨ ᠬᠥᠮᠦᠵᠢᠭᠦᠯᠵᠦ᠂ ᠤᠮᠠᠷᠠᠲᠤ ᠬᠢᠯᠢ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ | ᠭᠦᠨᠵᠡᠭᠡᠢ ᠠᠭᠤᠰᠤᠯᠴᠠᠬᠤ ᠶᠢ ᠢᠳᠡᠪᠬᠢᠲᠡᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ︿ᠪᠠᠭ᠎ᠠ ᠬᠢᠴᠢᠶᠡᠯ ᠤᠨ ᠲᠠᠩᠬᠢᠮ﹀ | ᠪᠣᠯᠤᠨ ᠨᠡᠶᠢᠭᠡᠮ ᠤᠨ ︿ᠶᠡᠭᠡ ᠬᠢᠴᠢᠶᠡᠯ ᠤᠨ ᠲᠠᠩᠬᠢᠮ﹀ ᠢ ᠪᠦᠲᠦᠮᠵᠢᠲᠡᠢ ᠠᠭᠤᠰᠤᠯᠴᠠᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ | ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠦᠴᠦᠯᠡᠨ | ᠬᠥᠮᠦᠵᠢᠭᠦᠯᠦᠨ᠎ᠡ︾ ᠭᠡᠪᠡ᠃ | ︽ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠨᠠᠮ ᠪᠠ ᠤᠯᠤᠰ ᠠᠴᠠ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠪᠠ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ ᠪᠠᠶᠢᠬᠤ ᠶᠢ ᠢᠯᠡᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠠᠭᠤᠯᠤᠭᠳᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠤ᠂ ᠪᠢᠳᠡᠨ ᠢ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠠᠷᠠᠯᠲᠠ ᠶᠢ ᠡᠷᠲᠡᠬᠡᠨ ᠪᠡᠶᠡᠯᠡᠭᠦᠯᠬᠦ ᠳᠤ ᠢᠲᠡᠭᠡᠯ ᠳᠦᠭᠦᠷᠡᠩ ᠪᠤᠯᠭᠠᠪᠠ︾᠃ ᠳᠤᠮᠳᠠᠳᠤ | ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶ᠎ᠠ ᠶᠢᠨ ᠲᠤᠰᠬᠠᠢ ᠲᠤᠰᠢᠶᠠᠯᠳᠦ ᠳᠡᠳ᠋ ᠡᠷᠬᠢᠯᠡᠭᠴᠢ ᠭᠡᠰᠢᠭᠦᠨ ᠪᠥᠭᠡᠳ | ᠨᠠᠷᠢᠨ ᠪᠢᠴᠢᠭ ᠤᠨ ᠳᠠᠷᠤᠭ᠎ᠠ ᠢᠦᠢ ᠰᠢᠶᠤᠤ ᠮᠠᠨ᠂ ᠰᠤᠷᠭᠠᠨ ᠬᠥᠮᠦᠵᠢᠯ᠂ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠤᠤᠯ ᠡᠲᠡᠭᠡᠳ | ᠪᠣᠯᠭᠠᠭᠰᠠᠨ ᠲᠥᠷᠥ ᠶᠢᠨ ᠶᠠᠪᠤᠳᠠᠯ ᠳᠤ ᠣᠷᠣᠯᠴᠠᠬᠤ ᠨᠠᠮ ᠪᠤᠯᠤᠭᠰᠠᠨ ᠤ ᠬᠤᠪᠢ ᠳᠤ᠂ ᠬᠤᠶᠢᠰᠢᠳᠠ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢᠯᠠᠨ | ᠳᠠᠯᠠᠷᠬᠠᠵᠤ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠦᠭᠡᠢ | ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ | ᠵᠥᠪᠯᠡᠯᠭᠡ ᠬᠢᠬᠦ ᠳᠦᠷᠢᠮ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ | ᠵᠦᠢᠯ ᠤᠨ ᠠᠵᠢᠯ ᠳᠤ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠤᠶᠠᠯᠳᠤᠯ ᠴᠡᠭ᠂ ᠬᠦᠴᠦᠯᠡᠬᠦ ᠴᠡᠭ᠂ ᠰᠢᠪᠲᠤᠯᠤᠯᠲᠠ ᠶᠢᠨ | ᠴᠡᠭ ᠢ ᠣᠨᠣᠴᠠᠲᠠᠶ ᠣᠯᠵᠤ᠂ ᠢᠳᠬᠠᠯ ᠰᠠᠨᠠᠭᠤᠯᠭ᠎ᠠ ᠳᠡᠪᠰᠢᠭᠦᠯᠵᠦ᠂ ᠠᠷᠠᠳᠴᠢᠯᠠᠭᠰᠠᠨ ᠬᠤᠯᠪᠣᠭ᠎ᠠ ᠶᠢᠨ ᠰᠤᠷᠭᠠᠨ ᠬᠥᠮᠦᠵᠢᠯ ᠤᠨ ᠡᠲᠡᠭᠡᠳ ᠤᠨ ᠣᠶᠤᠨ | ᠤᠬᠠᠭᠠᠨ ᠤ ᠳᠠᠪᠠᠭᠤᠯᠢᠭ ᠢ ᠪᠠᠳᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ | ᠲᠣᠭᠲᠠᠴᠠ ᠶᠢ ᠨᠢᠭᠡ ᠴᠤᠭᠴᠠᠵᠢᠭᠤᠯᠤᠨ ᠥᠭᠡᠷᠡᠴᠢᠯᠡᠬᠦ ᠪᠠ ᠬᠥᠭᠵᠢᠭᠦᠯᠬᠦ ᠳᠤ ᠤᠬᠠᠭᠠᠨ ᠭᠠᠷᠭᠠᠨ ᠠᠷᠭ᠎ᠠ ᠪᠣᠳᠣᠵᠤ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠠᠶᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃ | ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠬᠠᠮᠵᠢᠯᠴᠠᠨ | ᠬᠥᠭᠵᠢᠬᠦ ᠶᠢ ᠨᠢᠭᠡ ᠴᠤᠭᠴᠠᠵᠢᠭᠤᠯᠤᠨ ᠠᠬᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨᠲ᠋ᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠵᠤ᠂ ᠴᠢᠳᠠᠪᠤᠷᠢᠲᠠᠨ ᠴᠣᠯᠭᠤᠷᠠᠨ | ᠭᠠᠷᠬᠤ᠂ ᠬᠥᠮᠦᠨ ᠪᠦᠬᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ᠂ ᠴᠢᠳᠠᠪᠤᠷᠢ ᠶᠢ ᠨᠢ ᠭᠦᠢᠴᠡᠳ ᠠᠰᠢᠭᠯᠠᠬᠤ ᠠᠮᠢᠳᠤᠯᠢᠭ ᠪᠠᠶᠢᠳᠠᠯ ᠢ ᠤᠯᠠᠮ ᠨᠢᠭᠡ | ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︽ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠪᠢᠳᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ︿ | ᠬᠤᠤᠰ ᠲᠡᠷᠢᠭᠦᠨ ᠵᠡᠷᠭᠡ﹀ ᠶᠢᠨ ᠪᠠᠶᠢᠭᠤᠯᠤᠯᠲᠠ ᠶᠢ ᠲᠦᠷᠭᠡᠳᠭᠡᠬᠦ ᠳᠤ ᠢᠲᠡᠭᠡᠯ ᠵᠣᠷᠢᠭ ᠢ ᠨᠡᠮᠡᠭᠳᠡᠭᠦᠯᠵᠦ᠂ ᠴᠢᠭᠯᠡᠯ ᠢ ᠲᠣᠳᠣᠷᠬᠠᠶ ᠵᠢᠭᠠᠵᠤ ᠥᠭᠴᠡᠶ︾᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠴᠧᠩ ᠲᠤᠤ᠄ ︽ᠰᠤᠷᠭᠠᠭᠤᠯᠢ ᠠᠴᠠ ︿ᠣᠨᠴᠠᠯᠢᠭ ᠢᠶᠠᠷ ᠢᠯᠡ ᠲᠣᠳᠣ | ᠲᠡᠷᠢᠭᠦᠨ ᠵᠡᠷᠭᠡ ᠶᠢᠨ ᠶᠡᠭᠡ ᠰᠤᠷᠭᠠᠭᠤᠯᠢ﹀ ᠶᠢᠨ ᠬᠠᠷᠠᠯᠲᠠ ᠶᠢ ᠲᠣᠭᠲᠠᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠶᠡᠷᠦᠩᠬᠡᠶᠢᠯᠡᠭᠰᠡᠨ ᠴᠢᠨᠠᠷᠲᠠᠶ | ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠳᠠᠪᠠᠭᠤᠯᠢᠭ ᠢ ᠢᠳᠡᠪᠬᠢᠲᠡᠶ ᠪᠠᠳᠠᠷᠠᠭᠤᠯᠵᠤ᠂ ᠬᠠᠷᠠᠯᠲᠠ ᠲᠠᠢ ᠪᠠᠷ | ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠬᠦ ᠬᠤᠶᠠᠷ ᠶᠡᠭᠡ ᠶᠠᠪᠤᠳᠠᠯ ᠤᠨ ᠲᠤᠯᠭᠠᠭᠤᠷᠢᠯᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠤᠨ ᠰᠢᠰᠲ᠋ᠧᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠮᠢᠳᠤ ᠪᠣᠳᠠᠰ ᠤᠨ ᠤᠬᠠᠭᠠᠨ᠂ ᠠᠮᠢ ᠠᠬᠤᠶ ᠶᠢᠨ ᠤᠬᠠᠭᠠᠨ᠂ ᠤᠭᠰᠠᠭᠠᠲᠠᠨ ᠵᠦᠢ ᠵᠡᠷᠭᠡ ᠣᠨᠴᠠᠯᠢᠭᠲᠤ ᠰᠢᠨᠵᠢᠯᠡᠭᠡᠨ ᠤ | ᠰᠠᠯᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠡᠨᠧᠷᠭᠢ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠵᠣᠬᠢᠶᠠᠮᠠᠯ ᠣᠶᠤᠨ ᠴᠢᠳᠠᠪᠤᠷᠢ | ᠬᠢᠭᠡᠳ ᠪᠤᠳᠤᠯᠲᠠ ᠶᠢᠨ ᠬᠦᠴᠦᠨ ᠵᠡᠷᠭᠡ ᠰᠢᠨ᠎ᠡ ᠬᠡᠯᠪᠡᠷᠢ ᠶᠢᠨ ᠰᠢᠨᠵᠢᠯᠡᠭᠡᠨ ᠤ ᠰᠠᠯᠠᠭ᠎ᠠ ᠶᠢ ᠪᠠᠶᠢᠷᠢᠰᠢᠭᠤᠯᠤᠨ ᠪᠠᠶᠢᠭᠤᠯᠵᠤ᠂ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠠᠵᠢᠯ ᠲᠥᠷᠥᠯ ᠤᠨ ᠤᠶᠠᠯᠳᠤᠯ ᠢ ᠨᠠᠩ ᠨᠢᠭᠲᠠ ᠪᠣᠯᠭᠠᠬᠤ ᠶᠢ | ᠠᠬᠢᠭᠤᠯᠤᠨ᠎ᠠ᠃ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ | ᠬᠠᠮᠵᠢᠯᠴᠠᠭᠤᠯᠬᠤ ᠶᠢ ᠭᠦᠨᠵᠡᠭᠡᠶ ᠠᠬᠢᠭᠤᠯᠵᠤ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠴᠢᠳᠠᠪᠤᠷᠢᠲᠠᠨ ᠢ ᠣᠷᠣᠭᠤᠯᠤᠨ | ᠠᠪᠴᠢᠷᠠᠵᠤ ᠬᠥᠮᠦᠵᠢᠭᠦᠯᠦᠨ ᠬᠡᠷᠡᠭᠯᠡᠬᠦ ᠶᠢ ᠪᠥᠬᠦ ᠬᠡᠯᠬᠢᠶ᠎ᠡ ᠳᠤ ᠦᠯᠡᠳᠡᠭᠡᠬᠦ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠰᠠᠶᠢᠨ ᠨᠥᠬᠦᠴᠡᠯᠳᠦᠭᠦᠯᠬᠦ᠂ ᠰᠤᠷᠭᠠᠨ | ᠬᠥᠮᠦᠵᠢᠯ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠤᠰ ᠴᠢᠭᠯᠡᠯ ᠢᠶᠠᠷ ᠡᠨᠤᠷᠬᠢ ᠣᠯᠭᠤᠬᠤ ᠶᠢ ᠠᠬᠢᠭᠤᠯᠵᠤ᠂ ︿ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠥᠪᠥᠷ ᠮᠤᠩᠭᠤᠯ ᠤᠨ ᠶᠡᠭᠡ ᠰᠤᠷᠭᠠᠭᠤᠯᠢ ᠬᠡᠷᠬᠢᠨ ᠬᠢᠬᠦ﹀ ᠴᠠᠭ ᠦᠶ᠎ᠡ ᠶᠢᠨ ᠰᠡᠳᠦᠪ ᠢ | ᠰᠠᠶᠢᠲᠤᠷ ᠬᠠᠷᠢᠭᠤᠯᠬᠤ ᠪᠠᠷ ᠴᠢᠷᠮᠠᠶᠢᠨ᠎ᠠ︾ ᠭᠡᠪᠡ᠃ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠤᠷᠤᠯᠴᠠᠭᠰᠠᠨ ᠤ ᠳᠠᠷᠠᠭ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠢᠮᠢ ᠪᠠ ᠬᠢᠮᠢ ᠶᠢᠨ | ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠸᠠᠩ ᠵᠢᠶᠠᠨ ᠭᠦᠸᠧ᠄ ︽ᠪᠢ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠠᠷ | ᠵᠢᠯᠣᠭᠤᠳᠤᠯᠭ᠎ᠠ ᠪᠣᠯᠭᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠬᠦ᠋ᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ | ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠶᠢ ᠬᠥᠭᠵᠢᠭᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ | ᠡᠭᠦᠨ ᠤ ᠬᠠᠮᠲᠤ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠤ ᠤᠶᠠᠯᠳᠤᠯ ᠢ ᠴᠢᠩᠭᠠᠳᠬᠠᠵᠤ᠂ ᠣᠶᠢᠷ᠎ᠠ ᠤᠯᠠᠭᠠᠨ ᠤ ᠭᠠᠳᠠᠨᠠᠬᠢ ᠣᠷᠭᠠᠨᠢᠭ | ᠬᠡᠷᠡᠯ ᠤᠨ ᠣᠨᠣᠰᠢᠯᠠᠨ ᠡᠮᠴᠢᠯᠡᠬᠦ ᠲᠤᠷᠰᠢᠯᠲᠠ ᠶᠢᠨ ᠡᠮ ᠢ ᠨᠡᠭᠡᠭᠡᠨ ᠬᠥᠭᠵᠢᠭᠦᠯᠬᠦ ᠵᠢᠴᠢ ᠬᠤᠯᠪᠣᠭᠳᠠᠯ ᠪᠦᠬᠦᠢ ᠡᠪᠡᠳᠴᠢᠨ ᠡᠮᠭᠡᠭ ᠢ ᠣᠨᠣᠰᠢᠯᠠᠨ | ᠡᠮᠴᠢᠯᠡᠬᠦ ᠰᠤᠳᠤᠯᠭᠠᠨ ᠤ ᠲᠠᠯ᠎ᠠ ᠪᠠᠷ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠦᠲᠦᠭᠡᠯ ᠢ ᠤᠨᠳᠤᠤᠰᠢᠭᠤᠯᠬᠤ ᠪᠠ ᠬᠡᠷᠡᠭᠯᠡᠬᠦ ᠶᠢ ᠢᠳᠡᠪᠬᠢᠲᠡᠢ ᠠᠬᠢᠭᠤᠯᠤᠨ᠎ᠠ︾ ᠭᠡᠵᠤ ᠤᠷᠮ᠎ᠠ ᠵᠤᠷᠢᠭ ᠪᠠᠳᠠᠷᠠᠩᠭᠤᠢ ᠬᠡᠯᠡᠪᠡ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠤᠰᠰᠤᠷ | ᠵᠠᠩ ᠾᠧ ᠫᠢᠩ᠄ ︽ᠶᠡᠷᠦᠩᠬᠡᠢ ᠱᠦᠵᠢ ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ | ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠬᠥᠮᠥᠵᠢᠭᠦᠯᠬᠦ ᠰᠠᠶᠢᠨ ᠬᠤᠷᠰᠢᠯ ᠢ ᠪᠡᠶᠡᠯᠡᠭᠦᠯᠬᠦ ᠳᠤ᠂ ᠰᠤᠷᠭᠠᠨ ᠬᠥᠮᠦᠵᠢᠯ ᠤᠨ ᠤᠳᠤᠷᠢᠳᠤᠮᠵᠢ ᠶᠢᠨ ᠴᠢᠨᠠᠷᠲᠠᠢ᠂ | ᠰᠠᠭᠤᠷᠢᠯᠠᠬᠤ ᠴᠢᠨᠠᠷᠲᠠᠢ ᠲᠤᠯᠭᠠᠭᠤᠷᠢᠯᠠᠯ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠂ ᠡᠨᠡ ᠨᠢ | ᠨᠠᠳᠠ ᠳᠤ ᠭᠦᠨ ᠰᠡᠩᠬᠡᠷᠡᠭᠦᠯᠦᠯ ᠪᠤᠯᠪᠠ᠃ ᠪᠢ ᠪᠦᠯᠬᠦᠮ ᠢᠶᠠᠨ ᠳᠠᠭᠠᠭᠤᠯᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠲᠦᠪᠰᠢᠨ ᠢᠶᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠶᠢᠲᠡᠯᠢᠭ ᠴᠢᠨᠠᠷ᠂ ᠬᠤᠰᠢᠭᠤᠷᠠᠯ | ᠴᠢᠨᠠᠷ᠂ ᠬᠤᠪᠢᠰᠤᠯᠲᠠ ᠶᠢᠨ ᠴᠢᠨᠠᠷ ᠲᠠᠢ ᠵᠣᠬᠢᠶᠠᠨ ᠪᠠᠶᠢᠭᠤᠯᠤᠯᠲᠠ ᠲᠠᠢ ᠰᠠᠭᠤᠷᠢ ᠰᠤᠳᠤᠯᠭᠠᠨ ᠢ ᠲᠠᠰᠤᠷᠠᠯᠲᠠ ᠦᠭᠡᠢ ᠴᠢᠩᠭᠠᠳᠬᠠᠵᠤ᠂ ᠰᠦᠨ | ᠬᠦᠴᠢᠯ ᠤᠨ ᠪᠠᠺᠲ᠋ᠧᠷᠢ ᠶᠢᠨ ᠲᠥᠷᠥᠯ ᠤᠨ ᠡᠬᠢ ᠪᠠᠶᠠᠯᠢᠭ ᠤᠨ ᠳᠠᠪᠠᠭᠤᠯᠢᠭ ᠪᠠ ᠵᠣᠬᠢᠶᠠᠮᠠᠯ ᠣᠶᠤᠨ ᠴᠢᠳᠠᠪᠤᠷᠢ ᠶᠢᠨ ᠪᠤᠳᠤᠬᠤ ᠴᠢᠳᠠᠪᠤᠷᠢ ᠶᠢᠨ | ᠳᠠᠪᠠᠭᠤᠯᠢᠭ ᠲᠠᠢ ᠤᠶᠠᠯᠳᠤᠭᠤᠯᠵᠤ᠂ ᠰᠦᠨ ᠬᠦᠴᠢᠯ ᠤᠨ ᠪᠠᠺᠲ᠋ᠧᠷᠢ ᠶᠢᠨ ᠣᠷᠣᠯᠠᠭᠤᠯᠵᠤ ᠪᠣᠯᠣᠰᠢ ᠦᠭᠡᠢ ᠠᠵᠤ ᠦᠢᠯᠡᠰ ᠤᠨ ᠮᠡᠷᠭᠡᠵᠢᠯ ᠤᠨ | ᠳᠠᠪᠠᠭᠤᠯᠢᠭ ᠢ ᠬᠦᠴᠦᠯᠡᠨ ᠪᠣᠶ ᠪᠣᠯᠭᠠᠵᠤ᠂ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ᠳᠠᠪᠠᠭᠤᠯᠢᠭ ᠢ ᠬᠤᠷᠠᠮᠳᠤᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠦᠨ ᠬᠦᠴᠢᠯ ᠤᠨ ᠪᠠᠺᠲ᠋ᠧᠷᠢ ᠶᠢᠨ | ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠶᠢ ᠪᠡᠶᠡᠯᠡᠭᠦᠯᠤᠨ᠎ᠡ | ︾ ᠭᠡᠵᠤ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ ᠠᠵᠢᠯ ᠤᠨ ᠭᠠᠵᠠᠷ ᠤᠨ ᠳᠠᠷᠤᠭ᠎ᠠ ᠵᠠᠩ ᠰᠢᠶᠤᠤ ᠵᠢᠩ᠄ ︽ | ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠂ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠴᠢᠨᠠᠷ ᠢ ᠨᠢᠭᠡ ᠴᠣᠭᠴᠠᠵᠢᠭᠤᠯᠤᠨ ᠭᠦᠨᠵᠡᠭᠡᠶ ᠲᠣᠳᠣᠷᠬᠠᠶᠢᠯᠠᠨ ᠥᠭᠦᠯᠡᠪᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠨᠢ ᠴᠢᠳᠠᠪᠤᠷᠢᠲᠠᠨ ᠳᠤ ᠲᠦᠰᠢᠭᠯᠡᠵᠦ᠂ ᠴᠢᠳᠠᠪᠤᠷᠢᠲᠠᠨ ᠢ ᠬᠥᠮᠦᠵᠢᠭᠦᠯᠬᠦ ᠨᠢ ᠰᠤᠷᠭᠠᠨ ᠬᠥᠮᠦᠵᠢᠯ ᠳᠤ ᠲᠦᠰᠢᠭᠯᠡᠨ᠎ᠡ᠃ ᠪᠢᠳᠡ | ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠰᠢᠯᠭᠠᠨ ᠦᠨᠡᠯᠡᠬᠦ ᠪᠠ ᠤᠷᠮᠠᠰᠢᠭᠤᠯᠤᠨ ᠪᠠᠲᠤᠯᠠᠬᠤ | ᠲᠣᠭᠲᠠᠴᠠ ᠶᠢ ᠰᠢᠯᠢᠳᠡᠭᠵᠢᠭᠦᠯᠵᠦ᠂ ᠬᠦᠳᠦᠯᠥᠨ ᠪᠤᠶᠢᠵᠢᠭᠤᠯᠬᠤ ᠶᠢ ᠵᠡᠷᠭᠡ ᠪᠠᠷ ᠴᠢᠬᠤᠯᠠᠴᠢᠯᠠᠵᠤ ᠳᠡᠭᠡᠳᠦ ᠲᠡᠰ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠨᠢᠭᠡ ᠲᠠᠯ᠎ᠠ ᠪᠠᠷ ︿ᠳᠡᠭᠡᠳᠦ ᠨᠠᠷᠢᠯᠢᠭ ᠣᠷᠦ᠋ᠢᠯᠢᠬ ᠳᠤᠲᠠᠭᠤᠳᠠᠯ﹀ ᠤᠨ ᠤᠳᠤᠷᠢᠳᠤᠮᠵᠢ ᠶᠢ ᠳᠣᠪᠤᠶᠢᠯᠭᠠᠨ | ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠣᠭᠤᠷᠢᠨ ᠳᠤ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠬᠥᠮᠦᠰ | ᠪᠠ ᠰᠢᠨ᠎ᠡ ᠶᠢ ᠡᠭᠦᠳᠬᠦ ᠪᠦᠯᠬᠦᠮ ᠨᠡᠶᠢᠲᠡ᠂ ᠳᠡᠭᠡᠳᠦ ᠲᠠᠰ ᠤᠨ ᠵᠠᠯᠠᠭᠤ ᠴᠢᠳᠠᠪᠤᠷᠢᠲᠠᠨ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠮᠠᠨ ᠤ | ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︔ ᠨᠦᠬᠦᠭᠡ | ᠲᠠᠯ᠎ᠠ ᠪᠠᠷ ᠵᠠᠯᠠᠭᠤ ᠴᠢᠳᠠᠪᠤᠷᠢᠲᠠᠨ ᠢ ᠬᠥᠮᠦᠵᠢᠭᠦᠯᠵᠦ ᠨᠡᠭᠡᠭᠡᠨ ᠬᠥᠭᠵᠢᠭᠦᠯᠬᠦ᠂ ᠦᠨᠡᠯᠡᠨ ᠢᠯᠡᠷᠡᠭᠦᠯᠬᠦ᠂ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ | ᠰᠢᠯᠵᠢᠭᠦᠯᠦᠨ ᠳᠤᠬᠢᠷᠠᠭᠤᠯᠬᠤ᠂ ᠤᠷᠮᠠᠰᠢᠭᠤᠯᠤᠨ ᠪᠠᠲᠤᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠴᠢᠳᠠᠪᠤᠷᠢᠲᠠᠨ ᠢ ᠬᠥᠮᠦᠵᠢᠭᠦᠯᠵᠦ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ︾ | ᠭᠡᠪᠡ᠃ | ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠮᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠢᠵᠢᠯ ᠴᠢᠭᠯᠡᠯ ᠢᠶᠠᠷ ᠬᠦᠴᠦᠯᠡᠬᠦ ᠶᠢ ᠠᠬᠢᠭᠤᠯᠬᠤ᠂ ᠢᠵᠢᠯ ᠳᠠᠪᠲᠠᠮᠵᠢ ᠪᠠᠷ ᠤᠷᠤᠭᠰᠢᠯᠠᠬᠤ᠂ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠦᠷᠢᠶᠡᠯᠡᠩ ᠤᠨ ᠳᠠᠷᠤᠭ᠎ᠠ ᠯᠦ ᠵᠠᠨ | ᠶᠤᠸᠠᠨ᠄ ︽ᠣᠳᠣᠬᠠᠨ ᠳᠤ᠂ ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠪᠠᠰᠠ ᠨᠡᠯᠢᠶᠡᠳ ᠳᠤᠤᠷ᠎ᠠ ᠪᠠᠶᠢᠨ᠎ᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠵᠢᠯᠴᠠᠨ ᠬᠥᠭᠵᠢᠬᠦ | ᠳᠤᠮᠳᠠ ᠳᠠᠪᠬᠤᠷᠳᠠᠭᠤᠯᠤᠨ ᠪᠠᠶᠢᠭᠤᠯᠬᠤ᠂ ᠡᠭᠦᠷᠭᠡ ᠴᠢᠳᠠᠪᠬᠢ ᠰᠣᠯᠪᠢᠴᠠᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯᠲᠠ ᠶᠢᠨ | ᠱᠠᠲᠤᠯᠢᠭ ᠲᠣᠳᠣᠷᠬᠠᠶ᠂ ᠡᠭᠦᠷᠭᠡ ᠬᠠᠷᠢᠭᠤᠴᠠᠯᠭ᠎ᠠ ᠲᠣᠳᠣᠷᠬᠠᠶ᠂ ᠠᠵᠢᠯ ᠬᠤᠪᠢᠶᠠᠷᠢᠯᠠᠨ ᠬᠠᠮᠵᠢᠯᠴᠠᠬᠤ᠂ ᠵᠣᠬᠢᠰᠲᠠᠶ ᠥᠷᠢᠰᠦᠯᠳᠦᠬᠦ ᠨᠢᠭᠡ | ᠴᠣᠭᠴᠠᠵᠢᠭᠤᠯᠤᠭᠰᠠᠨ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ | ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ | ᠴᠢᠬᠤᠯᠠᠲᠠᠶ ᠪᠠᠶᠢᠨ᠎ᠠ᠃ ᠮᠠᠨ ᠤ ᠬᠦᠷᠢᠶᠡᠯᠡᠩ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ | ᠥᠬᠡᠶ ᠴᠢᠩᠭᠠᠳᠬᠠᠵᠤ᠂ ᠡᠷᠡᠰ ᠬᠠᠲᠠᠭᠤ ᠴᠢᠨᠠᠷ ᠪᠠ ᠤᠶᠠᠨ ᠬᠠᠳᠠᠨ ᠴᠢᠨᠠᠷᠲᠠᠶ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ︿ᠲᠠᠷᠢᠶᠠᠯᠠᠩ ᠤᠨ | ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠲᠥᠯᠥᠪᠯᠡᠭᠡ﹀ ᠢᠢᠨ ᠴᠢᠳᠠᠪᠤᠷᠢᠲᠠᠨ ᠢ ᠬᠥᠮᠦᠵᠢᠭᠦᠯᠬᠦ ᠪᠠ ᠬᠠᠮᠢᠶᠠᠷᠬᠤ᠂ ᠠᠬᠠᠯᠠᠭᠴᠢ ᠳ᠋ᠣᠺᠲ᠋ᠣᠷ ᠢ ᠡᠯᠰᠡᠬᠦ ᠪᠠ | ᠠᠰᠫᠢᠷᠠᠨᠲ ᠢ ᠬᠠᠮᠲᠤᠷᠠᠨ ᠬᠥᠮᠦᠵᠢᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠥᠨᠳᠥᠷ ᠲᠦᠪᠰᠢᠨ ᠪᠥᠬᠦᠶ ᠴᠢᠳᠠᠪᠤᠷᠢᠲᠠᠨ ᠤ ᠡᠩᠨᠡᠭᠡ ᠪᠠᠷ ᠮᠠᠯ | ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠤ | ᠂ ᠲᠠᠷᠢᠶᠠᠯᠠᠩ ᠤᠨ ᠬᠦᠴᠦᠷᠬᠡᠭ ᠣᠷᠣᠨ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︾ ᠭᠡᠵᠦ ᠢᠯᠡᠳᠭᠡᠪᠡ᠃ | |