ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠭᠤᠷᠪᠠᠳᠤᠭᠠᠷ ᠪᠦᠬᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2025/3/11
    ᠸᠠᠩ ᠬᠤ᠋ ᠨᠢᠩ ᠬᠤᠷᠠᠯ ᠳᠤ ᠣᠷᠣᠯᠴᠠᠵᠠᠢ    ᠤᠯᠤᠰ ᠲᠦᠷᠦ ᠶᠢᠨ ᠵᠥᠪᠯᠡᠯᠭᠡᠨ ᠤ 14 ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ    ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ 9 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠪᠦᠬᠦᠳᠡ ᠬᠤᠷᠠᠯ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠣ᠋ ᠨᠢᠩ ᠬᠤᠷᠠᠯ ᠳᠤ ᠣᠷᠣᠯᠴᠠᠪᠠ᠃ ᠤᠯᠤᠰ ᠲᠦᠷᠦ ᠶᠢᠨ ᠵᠥᠪᠯᠡᠯᠭᠡᠨ ᠤ 14 ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠵᠠᠢ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ᠂ ᠲᠦᠷᠦ ᠶᠢᠨ ᠶᠠᠪᠤᠳᠠᠯ ᠤᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠸᠠᠩ ᠰᠢᠶᠣᠣ ᠬᠤᠩ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠬᠤᠷᠠᠯ ᠳᠤ ᠣᠷᠣᠯᠴᠠᠵᠤ ᠭᠡᠰᠢᠭᠦᠳ ᠤᠨ ᠦᠭᠡ ᠬᠡᠯᠡᠬᠦ ᠶᠢ ᠰᠣᠨᠣᠰᠴᠠᠢ᠃    ᠭᠧ ᠬᠤᠢ ᠵᠢᠶᠦ᠋ᠨ ᠭᠡᠰᠢᠭᠦᠨ ᠦᠭᠡ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠬᠤ ᠴᠢᠳᠠᠪᠤᠷᠢ ᠲᠠᠢ ᠪᠠᠶᠢᠵᠤ᠂ ᠠᠭᠤᠤ ᠶᠡᠭᠡ ᠦᠢᠯᠡᠰ ᠢ ᠬᠠᠮᠲᠤ ᠪᠠᠷ ᠪᠦᠲᠦᠭᠡᠬᠦ᠂ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠰᠦᠷ ᠳᠠᠯᠠᠶᠢᠴᠠᠲᠠᠢ ᠬᠦᠴᠦᠨ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠪᠡ᠃    ᠴᠧᠩ ᠬᠤᠩ ᠭᠡᠰᠢᠭᠦᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠤᠭᠤᠷᠣᠨᠳᠣᠬᠢ ᠡᠷᠬᠡ ᠲᠡᠭᠰᠢ ᠥᠷᠢᠰᠦᠯᠳᠦᠭᠡᠨ ᠢ ᠪᠠᠲᠤᠯᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠨᠢᠭᠡ ᠯᠡ ᠠᠳᠠᠯᠢ ᠪᠠᠷ ᠳᠡᠮᠵᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠦᠮᠵᠢᠯᠲᠡ᠂ ᠳᠥᠭᠦᠮᠴᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠢᠶᠠᠷ ᠬᠠᠷᠢᠯᠴᠠᠨ ᠨᠥᠬᠦᠪᠦᠷᠢᠯᠡᠵᠤ᠂ ᠬᠠᠮᠲᠤ ᠪᠠᠷ ᠬᠥᠭᠵᠢᠬᠦ ᠶᠢ ᠠᠬᠢᠭᠤᠯᠪᠠᠯ ᠵᠤᠬᠢᠨ᠎ᠠ ᠭᠡᠪᠡ᠃     ᠲᠤ ᠬᠠᠢ ᠮᠢᠩ ᠭᠡᠰᠢᠭᠦᠨ᠂ ᠣᠶᠢᠷ᠎ᠠ ᠶᠢᠨ ᠵᠢᠯ ᠠᠴᠠ ᠨᠠᠭᠠᠰᠢ᠂ ᠰᠢᠶᠠᠩᠭᠠᠩ ᠤᠨ ᠪᠠᠶᠠᠷᠯᠠᠭᠤᠰᠢᠲᠠᠢ ᠬᠤᠪᠢᠷᠠᠯᠲᠠ ᠤᠯᠠᠨ ᠤ ᠠᠩᠬᠠᠷᠤᠯ ᠢ ᠲᠠᠲᠠᠵᠤ᠂ ᠡᠬᠡ ᠤᠯᠤᠰ ᠪᠣᠯ ᠡᠭᠦᠷᠢᠳᠡ ᠰᠢᠶᠠᠩᠭᠠᠩ ᠤᠨ ᠪᠠᠲᠤ ᠴᠢᠩᠭ᠎ᠠ ᠥᠮᠥᠭ ᠲᠦᠰᠢᠭ ᠪᠣᠯᠬᠤ ᠶᠢ ᠪᠣᠳᠠᠲᠤ ᠶᠠᠪᠤᠳᠠᠯ ᠲᠠᠬᠢᠨ ᠳᠠᠪᠲᠠᠨ ᠭᠡᠷᠡᠴᠢᠯᠡᠪᠡ᠃ ᠰᠢᠨ᠎ᠡ ᠭᠠᠷᠤᠭ᠎ᠠ ᠳᠤ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠣᠶᠣᠯ ᠤᠨ ᠢᠲᠡᠭᠡᠯ ᠪᠣᠯᠣᠨ ᠤᠯᠤᠰ ᠤᠨ ᠬᠠᠮᠲᠤ ᠶᠢᠨ ᠲᠠᠨᠢᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠪᠡ᠃    ᠴᠧᠨ ᠵᠢᠶᠦ᠋ᠨ ᠭᠡᠰᠢᠭᠦᠨ ᠲᠠᠶᠢᠸᠠᠨ ᠤ ᠠᠷᠠᠳᠴᠢᠯᠠᠭᠰᠠᠨ ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠬᠦ ᠳᠡᠭᠡᠨ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠰᠣᠶᠣᠯ ᠪᠣᠯ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠦᠨᠳᠦᠰᠦ ᠪᠠ ᠰᠦᠭ ᠰᠦᠨᠡᠰᠦ ᠮᠥᠨ᠃ ᠬᠤᠶᠠᠷ ᠬᠦᠪᠡᠭᠡᠨ ᠤ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠪᠠᠲᠤ ᠪᠠᠬᠢ ᠥᠷᠭᠡᠨ ᠠᠭᠤᠳᠠᠮ ᠲᠠᠪᠴᠠᠩ ᠢ ᠢᠳᠡᠪᠬᠢᠲᠡᠢ ᠪᠠᠷ ᠪᠠᠶᠢᠭᠤᠯᠤᠨ ᠥᠭᠴᠦ᠂ ᠬᠤᠶᠠᠷ ᠬᠦᠪᠡᠭᠡᠨ ᠤ ᠠᠬ᠎ᠠ ᠳᠡᠭᠦᠦ ᠨᠠᠷ ᠲᠤ ᠬᠤᠶᠠᠷ ᠬᠦᠪᠡᠭᠡᠨ ᠤ ᠲᠡᠦᠬᠡ᠂ ᠰᠣᠶᠣᠯ᠂ ᠴᠢᠰᠤᠨ ᠤᠳᠤᠮ ᠤᠨ ᠲᠥᠷᠥᠯᠬᠢ ᠳᠣᠲᠣᠨᠣ ᠬᠠᠷᠢᠴᠠᠭ᠎ᠠ ᠶᠢ ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ ᠰᠣᠶᠣᠯ ᠤᠨ ᠢᠲᠡᠭᠡᠯ ᠢ ᠨᠡᠩ ᠪᠠᠲᠤᠳᠬᠠᠵᠤ᠂ ᠦᠨᠳᠦᠰᠦᠲᠡᠨ ᠤ ᠬᠠᠮᠳᠦ ᠶᠢᠨ ᠲᠠᠨᠢᠯᠲᠠ ᠶᠢ ᠨᠡᠮᠡᠭᠳᠡᠭᠦᠯᠵᠦ᠂ ᠰᠡᠳᠬᠢᠯ ᠰᠠᠨᠠᠭᠠᠨ ᠤ ᠠᠭᠤᠰᠤᠯᠴᠠᠯ ᠢ ᠠᠬᠢᠭᠤᠯᠵᠤ᠂ ᠬᠤᠶᠠᠷ ᠬᠦᠪᠡᠭᠡᠨ ᠤ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ᠂ ᠠᠭᠤᠰᠤᠯᠴᠠᠭᠤᠯᠤᠨ ᠬᠥᠭᠵᠢᠭᠦᠯᠬᠦ ᠠᠷᠠᠳ ᠤᠨ ᠰᠠᠨᠠᠭᠠᠨ ᠤ ᠰᠠᠭᠤᠷᠢ ᠶᠢ ᠪᠠᠲᠤᠳᠬᠠᠵᠤ᠂ ᠡᠬᠡ ᠤᠯᠤᠰ ᠤᠨ ᠨᠢᠭᠡᠳᠦᠯ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠᠯ ᠵᠤᠬᠢᠨ᠎ᠠ ᠭᠡᠪᠡ᠃    ᠯᠢᠦ ᠶᠠ ᠬᠤᠸᠠᠩ ᠭᠡᠰᠢᠭᠦᠨ ᠦᠭᠡ ᠬᠡᠯᠡᠬᠦ ᠳᠡᠭᠡᠨ᠂ ᠲᠡᠷᠢᠭᠦᠯᠡᠭᠴᠢ ᠰᠢ ᠶᠢᠨ ᠫᠢᠩ ᠨᠢᠳᠤᠨᠤᠨ ᠤ 12 ᠰᠠᠷ᠎ᠠ ᠳᠤ ᠪᠡᠶ᠎ᠡ ᠪᠠᠷ ᠢᠶᠠᠨ ᠣᠣᠮᠧᠨ ᠳᠤ ᠬᠦᠷᠴᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠢᠯᠡᠷᠬᠡᠢ ᠪᠠᠶᠢᠭᠤᠯᠤᠯ ᠤᠨ ᠳᠠᠪᠠᠭᠤᠯᠢᠭ ᠪᠣᠯᠣᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠭᠦᠨᠵᠡᠭᠡᠢ ᠲᠠᠶᠢᠯᠪᠤᠷᠢᠯᠠᠵᠤ᠂ ᠪᠢᠳᠡᠨ ᠳᠤ ᠰᠢᠨ᠎ᠡ ᠲᠡᠮᠡᠴᠡᠯ ᠤᠨ ᠣᠷᠣᠨ ᠪᠠᠶᠢᠷᠢ ᠣᠯᠭᠤᠵᠠᠢ᠃ ᠰᠢᠨ᠎ᠡ ᠴᠠᠭ ᠦᠶ᠎ᠡ ᠶᠢᠨ ᠣᠣᠮᠧᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠢ ᠪᠣᠯᠭᠠᠨ᠂ ᠠᠵᠤ ᠠᠬᠤᠢ ᠶᠢᠨ ᠵᠣᠬᠢᠰᠲᠠᠢ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠤᠨ᠂ ᠵᠠᠰᠠᠯᠲᠠ ᠶᠢᠨ ᠰᠢᠰᠲ᠋ᠤᠮ ᠢ ᠰᠢᠯᠢᠳᠡᠭᠵᠢᠭᠦᠯᠵᠦ᠂ ᠳᠦᠷᠢᠮ᠂ ᠠᠵᠤ ᠠᠬᠤᠢ ᠠᠷᠠᠯᠵᠢᠶ᠎ᠠ᠂ ᠴᠢᠳᠠᠪᠤᠷᠢᠲᠠᠨ ᠵᠡᠷᠭᠡ ᠲᠠᠪᠴᠠᠩ ᠢ ᠰᠠᠶᠢᠲᠤᠷ ᠪᠠᠶᠢᠭᠤᠯᠵᠤ᠂ ᠳᠤᠮᠳᠠᠳᠤ ᠦᠷᠦᠨᠡᠳᠠᠬᠢᠨ ᠤ ᠪᠣᠯᠪᠠᠰᠤᠨ ᠤ ᠰᠣᠯᠢᠯᠴᠠᠭ᠎ᠠ ᠬᠢᠵᠦ ᠲᠤᠯᠢ ᠪᠤᠯᠭᠠᠬᠤ ᠴᠣᠩᠬᠤᠪᠴᠢ ᠶᠢ ᠪᠠᠶᠢᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠠᠮᠵᠢᠯᠲᠠ ᠲᠠᠢ ᠦᠢᠯᠡᠳᠦᠯᠭᠡ ᠶᠢ ᠤᠬᠠᠭᠤᠯᠤᠨ ᠲᠠᠨᠢᠯᠴᠠᠭᠤᠯᠵᠤ᠂ ᠣᠣᠮᠧᠨ ᠤ ᠣᠨᠴᠠᠯᠢᠭ ᠲᠠᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠦᠢᠯᠡᠳᠦᠯᠭᠡ ᠶᠢᠨ ᠰᠢᠨ᠎ᠡ ᠠᠤᠭ᠎ᠠ ᠠᠮᠵᠢᠯᠲᠠ ᠶᠢ ᠦᠷᠭᠦᠯᠵᠢᠯᠡᠨ ᠡᠭᠦᠳᠬᠦ ᠬᠡᠷᠡᠭᠲᠡᠢ ᠭᠡᠪᠡ᠃    ᠨᠢᠶᠤ ᠰᠢᠨ ᠭᠡᠰᠢᠭᠦᠨ ᠨᠠᠮ ᠪᠦᠯᠦᠭ ᠤᠨ ᠪᠤᠰᠤ ᠬᠥᠮᠥᠰ ᠤᠨ ᠡᠲᠡᠭᠡᠳ ᠢ ᠲᠥᠯᠥᠭᠡᠯᠡᠨ ᠦᠭᠡ ᠬᠡᠯᠡᠬᠦ ᠳᠡᠭᠡᠨ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠤᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠭᠤᠯᠭ᠎ᠠ ᠪᠠ ᠬᠡᠯᠪᠡᠷᠢ ᠶᠢᠨ ᠲᠠᠯ᠎ᠠ ᠪᠠᠷ ᠰᠢᠨ᠎ᠡ ᠡᠭᠦᠳᠦᠯᠲᠡ ᠲᠠᠢ ᠪᠠᠶᠢᠬᠤ ᠬᠡᠷᠡᠭᠲᠡᠢ᠃ ᠰᠣᠩᠭᠤᠳᠠᠭ ᠬᠡᠷᠡᠭ ᠤᠨ ᠵᠢᠱᠢᠶ᠎ᠡ ᠶᠢᠨ ᠪᠣᠷᠣ ᠮᠠᠲ᠋ᠧᠷᠢᠶᠠᠯ ᠢ ᠭᠦᠢᠴᠡᠳ ᠠᠰᠢᠭᠯᠠᠵᠤ᠂ ᠺᠢᠨᠣ᠋᠂ ᠲᠧᠯᠸᠢᠰ ᠵᠦᠴᠦᠭᠡ᠂ ᠪᠠᠷᠢᠮᠲᠠᠲᠤ ᠺᠢᠨᠣ᠋᠂ ᠣᠬᠤᠷ ᠸᠢᠳᠢᠤ᠋ ᠵᠡᠷᠭᠡ ᠬᠡᠯᠪᠡᠷᠢ ᠪᠠᠷ ᠬᠠᠤᠯᠢ ᠪᠠᠷ ᠵᠠᠰᠠᠬᠤ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠣᠨ ᠭᠦᠨ ᠭᠦᠨᠵᠡᠭᠡᠢ ᠤᠯᠤᠰ ᠲᠦᠷᠦ ᠶᠢᠨ ᠤᠶᠤᠨ ᠤᠬᠠᠭᠠᠨ ᠢ ᠰᠢᠩᠭᠡᠬᠡᠨ ᠠᠪᠴᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠪᠠᠯ ᠵᠤᠬᠢᠨ᠎ᠠ ᠭᠡᠪᠡ᠃    ᠰᠦᠨ ᠶᠧ ᠯᠢ ᠭᠡᠰᠢᠭᠦᠨ ᠦᠭᠡ ᠬᠡᠯᠡᠬᠦ ᠳᠡᠭᠡᠨ᠂ ᠰᠣᠶᠣᠯ ᠤᠨ ᠪᠦᠲᠦᠭᠡᠭᠳᠡᠬᠦᠨ᠂ ᠤᠳᠬ᠎ᠠ ᠤᠷᠠᠯᠢᠭ ᠤᠨ ᠪᠦᠲᠦᠭᠡᠯ ᠶᠣᠰᠣ ᠤᠴᠢᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠶᠠᠷᠢᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠤᠶᠤᠨ ᠰᠠᠨᠠᠭᠠᠨ ᠤ ᠲᠦᠰᠢᠯᠴᠡᠯ ᠢ ᠠᠬᠢᠭᠤᠯᠬᠤ ᠬᠡᠷᠡᠭᠲᠡᠢ︔ ᠰᠣᠶᠣᠯ ᠤᠨ ᠲᠦᠮᠡᠨ ᠪᠤᠳᠠᠰ ᠢ ᠤᠮᠳᠠᠯᠠᠬᠤ᠂ ᠦᠯᠦ ᠮᠡᠳᠡᠭᠳᠡᠮ᠎ᠠ ᠨᠦᠯᠦᠭᠡᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠷᠠᠯᠢᠭᠵᠢᠭᠤᠯᠵᠤ᠂ ᠪᠣᠳᠠᠲᠠᠶᠢᠵᠢᠭᠤᠯᠬᠤ ᠬᠡᠷᠡᠭᠲᠡᠢ︔ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠳᠡᠮᠵᠢᠬᠦ ᠳᠤᠮᠳᠠᠬᠢ ᠰᠣᠶᠣᠯ ᠤᠨ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ ᠪᠠᠷ ᠤᠯᠠᠨ ᠳᠡᠰ ᠳᠠᠪᠬᠤᠷᠭ᠎ᠠ ᠪᠠᠷ ᠪᠠᠶᠠᠯᠢᠭ ᠰᠠᠶᠢᠬᠠᠨ ᠰᠣᠶᠣᠯ ᠤᠨ ᠰᠣᠯᠢᠯᠴᠠᠭ᠎ᠠ ᠶᠢ ᠥᠷᠨᠢᠭᠦᠯᠬᠦ ᠬᠡᠷᠡᠭᠳᠡᠢ ᠭᠡᠪᠡ᠃     ᠵᠠᠩ ᠭᠤᠸᠠᠩ ᠬᠠᠨ ᠭᠡᠰᠢᠭᠦᠨ ᠦᠭᠡ ᠬᠡᠯᠡᠬᠦ ᠳᠡᠭᠡᠨ᠂ ᠰᠣᠶᠣᠯ ᠤᠨ ᠥᠪ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠤᠯᠪᠤᠵᠤ᠂ ᠲᠠᠬᠢᠨ ᠡᠭᠦᠰᠦᠰᠢ ᠦᠭᠡᠢ᠂ ᠣᠷᠣᠯᠠᠭᠤᠯᠵᠤ ᠪᠣᠯᠣᠰᠢ ᠦᠭᠡᠢ ᠬᠤᠪᠣᠷ ᠨᠠᠨᠳᠢᠨ ᠡᠬᠢ ᠪᠠᠶᠠᠯᠢᠭ ᠮᠥᠨ᠃ ᠰᠣᠶᠣᠯ ᠤᠨ ᠥᠪ ᠤᠨ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠤᠯᠲᠠ ᠶᠢᠨ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠦᠬᠦ ᠠᠷᠠᠳ ᠤᠨ ᠲᠠᠨᠢᠯᠲᠠ ᠶᠢ ᠳᠡᠭᠡᠭᠰᠢᠯᠡᠭᠦᠯᠵᠤ᠂ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠨ ᠬᠠᠮᠢᠶᠠᠷᠤᠯᠲᠠ ᠳᠤ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ᠂ ᠲᠤᠰᠠᠯᠠᠨ ᠳᠡᠮᠵᠢᠵᠤ᠂ ᠠᠬᠢᠭᠤᠯᠬᠤ ᠬᠡᠷᠡᠭᠲᠡᠢ ᠭᠡᠪᠡ᠃     ᠲᠤ ᠵᠠᠨ ᠶᠤᠸᠠᠨ ᠭᠡᠰᠢᠭᠦᠨ ᠦᠭᠡ ᠬᠡᠯᠡᠬᠦ ᠳᠡᠭᠡᠨ᠂ ᠳᠡᠯᠡᠬᠡᠢ ᠨᠡᠶᠢᠭᠡᠮ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠭᠠᠳᠠᠭᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠨᠧᠷᠭᠢ ᠤᠯᠭᠤᠯᠲᠠ ᠶᠢ ᠳᠡᠯᠡᠬᠡᠢ ᠳᠤ ᠤᠯᠠᠮᠵᠢᠯᠠᠬᠤ ᠶᠢ ᠠᠬᠢᠭᠤᠯᠵᠤ᠂ ᠮᠠᠨ ᠤ ᠤᠯᠤᠰ ᠤᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠣᠯᠣᠨ ᠳᠡᠯᠡᠬᠡᠢ ᠳᠠᠬᠢ ᠪᠠᠶᠢᠷᠢ ᠰᠠᠭᠤᠷᠢ ᠲᠠᠢ ᠵᠣᠬᠢᠴᠠᠭᠰᠠᠨ ᠰᠣᠶᠣᠯ ᠤᠨ ᠨᠥᠯᠥᠭᠡᠯᠡᠬᠦ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃     ᠵᠠᠩ ᠺᠦᠨ ᠭᠡᠰᠢᠭᠦᠨ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠵᠠᠯᠠᠭᠤᠴᠤᠳ ᠤᠨ ᠬᠤᠯᠪᠣᠭ᠎ᠠ ᠶᠢᠨ ᠬᠢᠨ ᠢ ᠲᠥᠯᠥᠭᠡᠯᠡᠨ ᠦᠭᠡ ᠬᠡᠯᠡᠬᠦ ᠳᠡᠭᠡᠨ ᠂ ᠵᠠᠯᠠᠭᠤᠴᠤᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠶᠢᠨ ᠪᠣᠯᠪᠠᠰᠤᠨ ᠤ ᠬᠡᠷᠡᠯ ᠭᠢᠯᠪᠠᠭ᠎ᠠ ᠪᠠᠨ ᠲᠠᠬᠢᠨ ᠰᠠᠴᠤᠷᠠᠭᠤᠯᠬᠤ ᠶᠢ ᠠᠬᠢᠭᠤᠯᠬᠤ ᠲᠡᠦᠬᠡ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ ᠵᠠᠯᠠᠭᠤᠴᠤᠳ ᠤᠨ ᠣᠨᠴᠠᠯᠢᠭ ᠲᠤ ᠤᠢᠢᠷᠠᠳᠤᠭᠤᠯᠵᠤ ᠦᠵᠡᠯ ᠰᠠᠨᠠᠭ᠎ᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠵᠤ᠂ ᠵᠠᠯᠠᠭᠤᠴᠤᠳ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠣᠶᠣᠯ ᠤᠨ ᠰᠤᠳᠤᠯᠭᠠᠨ᠂ ᠵᠣᠬᠢᠶᠠᠨ ᠪᠦᠲᠦᠭᠡᠬᠦ᠂ ᠤᠯᠠᠮᠵᠢᠯᠠᠬᠤ ᠵᠡᠷᠭᠡ ᠲᠠᠯ᠎ᠠ ᠶᠢᠨ ᠵᠠᠯᠠᠭᠤ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠳᠤᠮᠳᠠᠳᠤ ᠶᠢᠨ ᠰᠣᠶᠣᠯ ᠤᠨ ᠤᠯᠠᠮᠵᠢᠯᠠᠯ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠪᠡ᠃    ᠰᠦᠨ ᠸᠧᠢ ᠭᠡᠰᠢᠭᠦᠨ ᠦᠭᠡ ᠬᠡᠯᠡᠬᠦ ᠳᠡᠭᠡᠨ᠂ ᠥᠨᠥᠳᠦᠷ ᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠬᠥᠮᠦᠰ ᠤᠨ ᠰᠡᠳᠭᠢᠯ ᠳᠤ ᠭᠦᠨ ᠬᠠᠳᠠᠩᠰᠢᠵᠠᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠬᠤᠶᠠᠷ ᠲᠠᠯ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠷ᠎ᠡ ᠪᠦᠲᠦᠮᠵᠢᠲᠡᠢ ᠵᠠᠰᠠᠭ ᠤᠨ ᠣᠷᠳᠣᠨ ᠪᠠ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠬᠤᠣᠰ ᠴᠢᠭᠯᠡᠯ ᠢᠶᠠᠷ ᠬᠦᠴᠦᠯᠡᠵᠦ᠂ ᠦᠡᠭᠭᠡᠨ ᠲᠠᠯ᠎ᠠ ᠶᠢ ᠵᠠᠰᠠᠬᠤ ᠪᠠ ᠦᠨᠳᠦᠰᠦ ᠰᠤᠷᠪᠤᠯᠵᠢ ᠶᠢ ᠵᠠᠰᠠᠬᠤ ᠶᠢ ᠬᠠᠷᠢᠯᠴᠠᠨ ᠨᠡᠪᠲᠡᠷᠡᠯᠴᠡᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠪᠡ᠃    ᠡᠸᠤ ᠶᠠᠩ ᠽᠤ᠋ ᠬᠤᠸᠠ ᠭᠡᠰᠢᠭᠦᠨ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠶ᠊ ᠡᠶ᠎ᠡ ᠶᠢ ᠲᠥᠯᠥᠭᠡᠯᠡᠨ ᠦᠭᠡ ᠬᠡᠯᠡᠬᠦ ᠳᠡᠭᠡᠨ᠂ ᠡᠨᠧᠷᠭᠢ ᠶᠢᠨ ᠬᠡᠷᠡᠭᠯᠡᠭᠡᠨ ᠤ ᠬᠤᠪᠢᠰᠬᠠᠯ ᠢ ᠠᠬᠢᠭᠤᠯᠵᠤ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠥᠳᠡᠯᠭᠡᠬᠦ ᠡᠨᠧᠷᠬᠢ ᠶᠢ ᠴᠢᠩᠭᠠᠳᠬᠠᠬᠤ ᠳᠤ᠂ ᠣᠶᠤᠨᠴᠢ ᠪᠠᠷ ᠡᠨᠧᠷᠭᠢ ᠬᠡᠷᠡᠭᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠦᠯᠲᠡ ᠶᠢ ᠲᠦᠷᠭᠡᠳᠭᠡᠵᠦ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠵᠤ᠂ ᠡᠨᠧᠷᠭᠢ ᠶᠢᠨ ᠬᠡᠷᠡᠭᠯᠡᠭᠡᠨ ᠤ ᠲᠡᠷᠢᠭᠦᠨ ᠤ ᠮᠡᠷᠭᠡᠵᠢᠯ᠂ ᠲᠣᠨᠣᠭᠯᠠᠯ ᠪᠠ ᠵᠠᠭᠪᠤᠷ ᠤᠨ ︽ᠭᠠᠳᠠᠭᠠᠳᠤ ᠳᠤ ᠭᠠᠷᠴᠤ ᠶᠠᠪᠤᠬᠤ︾ ᠶᠢ ᠲᠡᠮᠵᠢᠵᠤ᠂ ᠪᠦᠬᠦ ᠪᠥᠮᠪᠥᠷᠴᠡᠭ ᠤᠨ ᠬᠡᠪᠴᠢᠶᠡᠨ ᠳᠠᠬᠢ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡᠨ ᠤ ᠬᠠᠮᠲᠤᠷᠠᠯᠴᠠᠭ᠎ᠠ ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡᠨ ᠤ ᠢᠳᠡᠪᠬᠢᠵᠢᠯ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡ ᠶᠢ ᠠᠮᠢᠳᠤᠷᠠᠯ ᠤᠨ ᠰᠢᠨ᠎ᠡ ᠠᠷᠭ᠎ᠠ ᠬᠡᠯᠪᠡᠷᠢ ᠪᠣᠯᠭᠠᠬᠤ ᠬᠡᠷᠡᠭᠲᠡᠢ ᠭᠡᠪᠡ᠃    ᠵᠤᠤ ᠵᠢᠩ ᠮᠢᠨ ᠭᠡᠰᠢᠭᠦᠨ ᠦᠭᠡ ᠬᠡᠯᠡᠬᠦ ᠳᠡᠭᠡᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠳᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠱᠠᠭᠠᠷᠳᠠᠯᠭ᠎ᠠ ᠲᠠᠢ ᠬᠠᠷᠭᠤᠭᠤᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠬᠤᠭᠤᠰᠣᠨ ᠢ ᠬᠦᠴᠦᠯᠡᠨ ᠨᠥᠬᠦᠪᠥᠷᠢᠯᠡᠵᠦ᠂ ᠲᠦᠷᠢᠮ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃     ᠫᠢᠶᠣᠣ ᠱᠢ ᠯᠦᠩ ᠭᠡᠰᠢᠭᠦᠨ ᠦᠭᠡ ᠬᠡᠯᠡᠬᠦ ᠳᠡᠭᠡᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠬᠥᠭᠵᠢᠭᠦᠯᠬᠦ ᠨᠢ ︽ᠬᠤᠣᠰ ᠨᠡᠭᠦᠷᠡᠰᠦᠲᠥ᠋ᠷᠥᠭᠴᠢ︾ ᠢᠢᠨ ᠬᠠᠷᠠᠯᠲᠠ ᠶᠢ ᠪᠡᠶᠡᠯᠡᠭᠦᠯᠬᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠠ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠠᠭᠤᠷᠢ ᠰᠤᠳᠤᠯᠭᠠᠨ ᠪᠠ ᠬᠡᠷᠡᠭᠯᠡᠯᠲᠡ ᠶᠢᠨ ᠰᠠᠭᠤᠷᠢ ᠰᠤᠳᠤᠯᠭᠠᠨ ᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠥᠭᠵᠢᠯᠲᠡ ᠳᠤ ᠱᠠᠭᠠᠷᠳᠠᠭᠳᠠᠬᠤ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠪᠦᠷᠢᠨᠰᠢᠬᠦᠯᠵᠤ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠢ ᠲᠦᠷᠭᠡᠳᠭᠡᠨ ᠪᠠᠶᠢᠭᠤᠯᠵᠤ᠂ ᠪᠦᠬᠦ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦ ᠨᠡᠶᠢᠭᠡᠮ ᠤᠨ ᠪᠡᠶ᠎ᠡ ᠪᠠᠨ ᠳᠠᠭᠠᠭᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠳᠤ ᠪᠦᠲᠦᠮᠵᠢᠲᠡᠢ ᠦᠢᠯᠡᠴᠢᠯᠡᠬᠦ ᠬᠡᠷᠡᠭᠲᠡᠢ ᠭᠡᠪᠡ᠃    ᠬᠤᠷᠠᠯ ᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦ ᠬᠤᠢ ᠡᠷᠬᠢᠯᠡᠪᠡ᠃     ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠤ᠋ ᠴᠦᠨ ᠬᠤᠸᠠ᠂ ᠱᠤᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂ ᠱᠤᠤ ᠬᠤᠩ᠂ ᠭᠤᠤ ᠶᠦᠨ ᠯᠦᠩ᠂ ᠴᠧᠨ ᠡᠤ᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ ᠶᠦᠩ ᠰᠢᠨ᠂ ᠶᠠᠩ ᠵᠧᠨ ᠬᠤᠷᠠᠯ ᠳᠤ ᠣᠷᠣᠯᠴᠠᠵᠠᠢ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 9 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ