ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠠᠩᠬᠠᠳᠤᠭᠠᠷ ᠬᠤᠷᠠᠯ ᠬᠤᠷᠠᠯᠳᠤᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/3/11
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 8 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠠᠩᠬᠠᠳᠤᠭᠠᠷ ᠬᠤᠷᠠᠯ 8 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠷᠠᠯᠳᠤᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠤ᠋ ᠵᠶᠢ ᠬᠤᠷᠠᠯ ᠢ ᠡᠷᠬᠢᠯᠡᠪᠡ᠃    ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠭᠰᠡᠨ ᠪᠠ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠶᠢᠳᠪᠦᠷᠢ ᠶᠢᠨ ᠲᠥᠰᠥᠯ ᠤᠨ ᠣᠷᠣᠯᠠᠨ ᠲᠤᠭᠤᠷᠪᠢᠭᠰᠠᠨ ᠨᠣᠣᠷᠠᠭ ᠢ ᠬᠢᠨᠠᠨ ᠵᠥᠪᠯᠡᠪᠡ᠃    ᠬᠤᠷᠠᠯ ᠠᠴᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠵᠥᠩ ᠱᠠᠨ ᠤ ᠬᠢᠭᠰᠡᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠬᠢᠨᠠᠨ ᠵᠥᠪᠯᠡᠪᠡ᠃   ᠬᠤᠷᠠᠯ ᠠᠴᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠢᠦᠢ ᠬᠤᠩ ᠼᠠᠢ ᠶᠢᠨ ᠬᠢᠭᠰᠡᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠬᠢᠨᠠᠨ ᠵᠥᠪᠯᠡᠪᠡ᠃    ᠬᠤᠷᠠᠯ ᠠᠴᠠ ᠯᠢᠦ ᠴᠢ ᠶᠢᠨ ᠬᠢᠭᠰᠡᠨ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠰᠶᠢᠳᠪᠦᠷᠢ ᠶᠢᠨ ᠲᠥᠰᠥᠯ ᠤᠨ ᠣᠷᠣᠯᠠᠨ ᠲᠤᠭᠤᠷᠪᠢᠭᠰᠠᠨ ᠨᠣᠣᠷᠠᠭ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠰᠶᠢᠳᠪᠦᠷᠢ ᠶᠢᠨ ᠲᠥᠰᠥᠯ ᠤᠨ ᠣᠷᠣᠯᠠᠨ ᠲᠤᠭᠤᠷᠪᠢᠭᠰᠠᠨ ᠨᠣᠣᠷᠠᠭ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠶᠠᠷ ᠰᠶᠢᠳᠪᠦᠷᠢ ᠶᠢᠨ ᠲᠥᠰᠥᠯ ᠤᠨ ᠣᠷᠣᠯᠠᠨ ᠲᠤᠭᠤᠷᠪᠢᠭᠰᠠᠨ ᠨᠣᠣᠷᠠᠭ ᠢ ᠬᠢᠨᠠᠨ ᠵᠥᠪᠯᠡᠪᠡ᠃    ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠰᠢᠨ ᠴᠦᠨ ᠵᠢᠩ ᠤᠨ ᠬᠢᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠶᠢᠨ ᠵᠥᠪᠯᠡᠯ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠥᠯ ᠢ ᠬᠢᠨᠠᠨ ᠵᠥᠪᠯᠡᠪᠡ᠃    ᠬᠤᠷᠠᠯ ᠠᠴᠠ ᠳᠡᠭᠡᠷ᠎ᠡ ᠳᠤᠷᠠᠳᠤᠭᠰᠠᠨ ᠲᠥᠰᠥᠯ᠂ ᠮᠡᠳᠡᠭᠦᠯᠦᠯᠲᠡ ᠵᠡᠷᠭᠡ ᠶᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠶᠢ ᠵᠥᠪᠰᠢᠶᠡᠷᠡᠪᠡ᠃ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ᠂ ᠸᠠᠩ ᠳ᠋ᠦᠩ ᠮᠢᠩ᠂ ᠰᠢᠶᠣᠣ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳᠠ ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂  ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ ᠬᠤᠷᠠᠯ ᠳᠤ ᠣᠷᠣᠯᠴᠠᠪᠠ᠃    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 8 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ 8 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭ᠎ᠠ ᠶᠢᠨ ᠬᠤᠷᠠᠯ ᠬᠢᠪᠠ᠃ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ ᠤᠨ ᠮᠡᠳᠡᠭᠦᠯᠦᠯᠲᠡ ᠪᠣᠯᠤᠨ ᠲᠥᠰᠦᠪ ᠤᠨ ᠲᠤᠬᠠᠢ ᠰᠢᠢᠳᠪᠦᠷᠢ ᠶᠢᠨ ᠲᠥᠰᠦᠯ ᠪᠣᠯᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠵᠡᠷᠭᠡ ᠶᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠤᠤ ᠯᠤ᠋ ᠵᠢᠢ ᠬᠤᠷᠠᠯ ᠢ ᠡᠷᠬᠢᠯᠡᠪᠡ᠃    ᠬᠤᠷᠠᠯ ᠳᠤ ᠤᠷᠤᠯᠴᠠᠬᠤ ᠶᠤᠰᠤᠳᠠᠢ ᠬᠦᠮᠦᠨ 176 ᠪᠠᠶᠢᠵᠤ᠂ 172 ᠬᠥᠮᠦᠨ ᠣᠷᠣᠯᠴᠠᠵᠤ᠂ 4 ᠬᠥᠮᠦᠨ ᠣᠷᠣᠯᠴᠠᠭᠰᠠᠨ ᠦᠭᠡᠢ᠂ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    3 ᠰᠠᠷ᠎ᠠ ᠶᠢᠨ 5 ᠤ ᠦᠳᠡ ᠶᠢᠨ ᠬᠤᠶᠢᠨ᠎ᠠ ᠪᠣᠯᠤᠨ 6 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭᠴᠢᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ ᠨᠡᠶᠢᠳᠡᠮ ᠳᠡᠭᠡᠨ ᠵᠥᠪᠰᠢᠶᠡᠷᠡᠪᠡ᠃ ᠬᠢᠨᠠᠨ ᠵᠥᠪᠯᠡᠬᠦ ᠳᠤᠮᠳᠠ᠂ ᠲᠥᠯᠥᠭᠡᠯᠡᠭᠴᠢᠳ ᠪᠠᠰᠠ ᠵᠠᠷᠢᠮ ᠰᠠᠨᠠᠯ ᠪᠠ ᠰᠠᠨᠠᠭᠤᠯᠭ᠎ᠠ ᠳᠤᠷᠠᠳᠴᠠᠢ᠃ ᠲᠦᠷᠦ ᠶᠢᠨ ᠶᠠᠪᠤᠳᠠᠯ ᠤᠨ ᠬᠤᠷᠢᠶ᠎ᠠ ᠲᠥᠯᠥᠭᠡᠯᠡᠭᠴᠢᠳ ᠤᠨ ᠬᠢᠨᠠᠨ ᠵᠦᠪᠯᠡᠭᠰᠡᠨ ᠰᠠᠨᠠᠯ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠵᠠᠰᠠᠪᠤᠷᠢ ᠣᠷᠣᠭᠤᠯᠪᠠ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠣᠯᠤᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠦᠨᠳᠦᠰᠦᠯᠡᠵᠦ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠵᠥᠪᠰᠢᠶᠡᠷᠡᠬᠦ ᠶᠢ ᠰᠠᠨᠠᠭᠤᠯᠤᠭᠰᠠᠨ ᠪᠥᠭᠡᠳ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ ᠶᠢᠨ ᠲᠥᠰᠦᠯ ᠢ ᠣᠷᠣᠯᠠᠨ ᠲᠤᠭᠤᠷᠪᠢᠪᠠ᠃ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ ᠶᠢᠨ ᠲᠥᠰᠦᠯ ᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠵᠦᠩ ᠱᠠᠨ ᠬᠤᠷᠠᠯ ᠳᠡᠭᠡᠷ᠎ᠠ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠬᠢᠪᠡ᠃ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠦᠵᠡᠬᠦ ᠪᠠᠷ᠂ 2024 ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠶᠡᠷᠦᠩᠬᠡᠶ ᠳᠡᠭᠡᠨ ᠨᠡᠯᠢᠶᠡᠳ ᠰᠠᠶᠢᠨ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ 2025 ᠣᠨ ᠤ ᠲᠥᠯᠥᠪᠯᠡᠭᠡ ᠶᠢᠨ ᠲᠣᠬᠢᠷᠠᠭᠤᠯᠤᠯᠲᠠ ᠨᠢ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠵᠦ ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠲᠠᠢ ᠨᠡᠶᠢᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠱᠠᠭᠠᠷᠳᠠᠯᠭ᠎ᠠ ᠲᠠᠢ ᠨᠡᠶᠢᠴᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠤ᠂ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠡᠭᠦᠷᠭᠡ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠪᠣᠳᠠᠲᠠᠶ ᠠᠷᠭ᠎ᠠ ᠬᠡᠮᠵᠢᠶ᠎ᠡ ᠨᠢ ᠦᠨᠳᠦᠰᠦᠨ ᠳᠡᠭᠡᠨ ᠵᠤᠬᠢᠴᠠᠩᠭᠤᠢ ᠪᠠᠶᠢᠵᠤ᠂ ᠶᠡᠷᠦᠩᠬᠡᠶ ᠳᠡᠭᠡᠨ ᠬᠡᠷᠡᠭᠵᠢᠭᠦᠯᠦᠬᠦᠰᠢᠳᠠᠢ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠢ ᠮᠡᠳᠡᠭᠦᠯᠦᠯᠳᠡ︾ ᠶᠢ ᠵᠥᠪᠰᠢᠶᠡᠷᠡᠵᠦ᠂ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠵᠥᠪᠰᠢᠶᠡᠷᠡᠬᠦ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠠᠨᠠᠭᠤᠯᠪᠠ᠃    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠢᠤᠢ ᠬᠤᠩ ᠼᠠᠢ ᠬᠤᠷᠠᠯ ᠳᠡᠭᠡᠷ᠎ᠠ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠵᠢᠴᠢ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠬᠢᠪᠡ᠃ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠦᠵᠡᠬᠦ ᠪᠠᠷ᠂ 2024 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ 2025 ᠣᠨ ᠤ ᠲᠥᠰᠦᠪ ᠤᠨ ᠮᠡᠳᠡᠭᠦᠯᠦᠯᠲᠡ᠂ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠨᠢ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ ᠨᠡᠶᠢᠴᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠲᠠᠢ ᠨᠡᠶᠢᠴᠡᠵᠦ᠂ ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯᠤᠨ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠶᠡᠷᠦᠩᠬᠡᠢ ᠱᠠᠭᠠᠷᠳᠠᠯᠭ᠎ᠠ ᠲᠠᠢ ᠵᠣᠬᠢᠴᠠᠵᠤ᠂ ᠭᠤᠣᠯ ᠣᠷᠣᠯᠭ᠎ᠠ ᠵᠠᠷᠤᠯᠭ᠎ᠠ ᠶᠢᠨ ᠲᠦᠷᠦ ᠶᠢᠨ ᠪᠤᠳᠤᠯᠭ᠎ᠠ ‍ᠦᠨᠳᠦᠰᠦᠨ ᠳᠡᠭᠡᠨ ᠵᠣᠬᠢᠴᠠᠩᠭᠤᠢ ᠪᠠᠶᠢᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠥᠷᠢᠰᠥᠯᠳᠦᠭᠡᠨ ᠳᠤ ᠨᠠᠷᠢᠨ ᠬᠢᠨᠠᠮᠠᠭᠠᠢ ᠵᠠᠳᠠᠯᠤᠯᠲᠠ ᠬᠢᠵᠦ᠂ ᠠᠵᠢᠯ ᠢᠶᠠᠨ ᠰᠠᠶᠢᠲᠤᠷ ᠬᠢᠬᠦ ᠳᠤ ᠵᠣᠬᠢᠰᠲᠠᠢ ᠲᠤᠬᠢᠷᠠᠭᠤᠯᠤᠯᠳᠠ ᠬᠢᠵᠦ᠂ ᠲᠥᠰᠦᠪ ᠤᠨ ᠬᠠᠤᠯᠢ ᠶᠢᠨ ᠲᠣᠭᠲᠠᠭᠠᠯ ᠲᠠᠢ ᠨᠡᠶᠢᠴᠡᠵᠦ᠂ ᠶᠡᠷᠦᠩᠬᠡᠢ ᠳᠡᠭᠡᠨ ᠬᠡᠷᠡᠭᠵᠢᠭᠦᠯᠵᠦ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠶ ᠮᠡᠳᠡᠬᠦᠯᠦᠯᠳᠠ︾ ᠶᠢ ᠵᠥᠪᠰᠢᠶᠡᠷᠡᠵᠦ᠂ 2025 ᠣᠨ ᠤ ᠲᠥᠪ ᠤᠨ ᠲᠥᠰᠦᠪ ᠤᠨ ᠲᠥᠰᠦᠯ ᠢ ᠵᠥᠪᠰᠢᠶᠡᠷᠡᠬᠦ ᠶᠢᠨ ᠬᠠᠮᠲᠤ 2025 ᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠦᠷᠢ ᠥᠭᠴᠡᠭᠡᠨ ᠤ ᠬᠢᠵᠠᠭᠠᠷ ᠲᠤᠭ᠎ᠠ ᠪᠠ ᠲᠤᠰᠬᠠᠶ ᠵᠦᠢᠯ ᠤᠨ ᠦᠷᠢ ᠥᠭᠴᠡᠭᠡᠨ ᠤ ᠬᠢᠵᠠᠭᠠᠷ ᠲᠤᠭ᠎ᠠ ᠶᠢ ᠵᠥᠪᠰᠢᠶᠡᠷᠡᠬᠦ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠠᠨᠠᠭᠤᠯᠪᠠ᠃    ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠬᠤᠶᠠᠷ ᠦᠷ᠎ᠡ ᠳ᠋ᠦᠩ ᠤᠨ ᠮᠡᠳᠡᠭᠦᠯᠦᠯᠲᠡ ᠶᠢ ᠪᠠᠲᠤᠯᠠᠪᠠ᠃    3 ᠰᠠᠷ᠎ᠠ ᠶᠢᠨ 6 ᠤ ᠦᠳᠡ ᠶᠢᠨ ᠬᠤᠶᠢᠨ᠎ᠠ ᠪᠣᠯᠤᠨ 7 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠲᠥᠯᠥᠪᠯᠡᠭᠡ  ᠶᠢᠨ ᠮᠡᠳᠡᠭᠦᠯᠦᠯᠲᠡ ᠪᠠ ᠲᠥᠯᠥᠪᠯᠡᠭᠡ ᠶᠢᠨ ᠲᠥᠰᠦᠯ᠂ ᠲᠥᠰᠦᠪ ᠤᠨ ᠮᠡᠳᠡᠭᠦᠯᠦᠯᠲᠡ ᠪᠠ ᠲᠥᠰᠦᠪ ᠤᠨ ᠲᠥᠰᠦᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠪᠠ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠥᠯᠥᠭᠡᠯᠡᠭᠴᠢᠳ ᠤᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ᠂ ᠲᠥᠯᠥᠪᠯᠡᠭᠡ ᠶᠢᠨ ᠮᠡᠳᠡᠭᠦᠯᠦᠯᠲᠡ ᠪᠠ ᠲᠥᠯᠥᠪᠯᠡᠭᠡ ᠶᠢᠨ ᠲᠥᠰᠦᠯ᠂ ᠲᠥᠰᠦᠪ ᠤᠨ ᠮᠡᠳᠡᠭᠦᠯᠦᠯᠲᠡ ᠳᠤ ᠲᠤᠰ ᠲᠤᠰ ᠵᠠᠰᠠᠪᠤᠷᠢ ᠣᠷᠣᠭᠤᠯᠪᠠ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠲᠥᠯᠥᠭᠡᠯᠡᠭᠴᠢᠳ ᠤᠨ ᠬᠢᠨᠠᠨ ᠪᠠᠶᠢᠴᠠᠭᠠᠭᠰᠠᠨ ᠰᠠᠨᠠᠯ᠂ ᠮᠡᠳᠡᠭᠦᠯᠦᠯᠲᠡ ᠪᠣᠯᠤᠨ ᠲᠥᠰᠦᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠪᠣᠯᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠦᠨᠳᠦᠰᠦᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠠ ᠲᠥᠯᠥᠪᠯᠡᠭᠡ ᠶᠢᠨ ᠲᠥᠰᠦᠯ᠂ ᠲᠥᠰᠦᠪ ᠤᠨ ᠮᠡᠳᠡᠭᠦᠯᠦᠯᠲᠡ ᠪᠠ ᠲᠥᠪ ᠤᠨ ᠲᠥᠰᠦᠪ ᠤᠨ ᠲᠥᠰᠦᠯ ᠢ ᠵᠥᠪᠰᠢᠶᠡᠷᠡᠬᠦ ᠶᠢ ᠰᠠᠨᠠᠭᠤᠯᠤᠭᠰᠠᠨ ᠪᠥᠭᠡᠳ ᠲᠥᠯᠥᠪᠯᠡᠭᠡ ᠶᠢᠨ ᠮᠡᠳᠡᠭᠦᠯᠦᠯᠲᠡ ᠪᠠ ᠲᠥᠯᠥᠪᠯᠡᠭᠡ᠂ ᠲᠥᠰᠦᠪ ᠤᠨ ᠮᠡᠳᠡᠭᠦᠯᠦᠯᠲᠡ ᠪᠠ ᠲᠥᠰᠦᠪ ᠤᠨ ᠲᠤᠬᠠᠢ ᠬᠤᠶᠠᠷ ᠰᠢᠢᠳᠪᠦᠷᠢ ᠶᠢᠨ ᠲᠥᠰᠦᠯ ᠢ ᠣᠷᠣᠯᠠᠨ ᠲᠤᠭᠤᠷᠪᠢᠪᠠ᠃ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ᠶᠢᠨ ᠲᠥᠰᠦᠯ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠤᠬᠠᠢ ᠰᠢᠢᠳᠪᠦᠷᠢ ᠶᠢᠨ ᠲᠥᠰᠦᠯ ᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    3 ᠰᠠᠷ᠎ᠠ ᠶᠢᠨ 7 ᠤ ᠦᠳᠡ ᠶᠢᠨ ᠬᠤᠶᠢᠨ᠎ᠠ᠂ ᠡᠯ᠎ᠡ ᠲᠥᠯᠥᠭᠡᠯᠡᠭᠴᠢᠳ ᠤᠨ ᠪᠦᠯᠬᠦᠮ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠭᠰᠡᠨ ᠰᠠᠨᠠᠯ ᠢ ᠦᠨᠳᠦᠰᠦᠯᠡᠨ᠂ ᠵᠠᠰᠠᠪᠤᠷᠢ ᠣᠷᠣᠭᠤᠯᠬᠤ ᠲᠥᠰᠦᠯ ᠢ ᠬᠢᠨᠠᠨ ᠵᠥᠪᠯᠡᠵᠦ᠂ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠢ ᠳᠤᠷᠠᠳᠪᠠ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠰᠢᠨ ᠴᠦᠨ ᠵᠢᠩ ᠤᠨ ᠬᠢᠭᠰᠡᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠠᠳᠤᠯᠠᠯᠳᠠ ᠬᠢᠬᠦ ᠪᠠᠷ ᠲᠠᠮᠵᠢᠨ᠂ ᠡᠨᠡ ᠬᠦ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠵᠢᠴᠢ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠢ ᠪᠠᠲᠤᠯᠠᠵᠤ᠂ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃    ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ᠂ ᠯᠢᠦ ᠴᠢ ᠬᠤᠷᠠᠯ ᠳᠤ ᠣᠷᠣᠯᠴᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ