︵2025 ᠣᠨ ᠤ 3 ᠰᠠᠷ᠎ᠠ ᠶᠢᠨ 10 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ | ᠭᠤᠷᠪᠠᠳᠤᠭᠠᠷ ᠬᠤᠷᠠᠯ 2025 ᠣᠨ ᠤ 3 ᠰᠠᠷ᠎ᠠ ᠶᠢᠨ 4 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ | ᠭᠡᠰᠢᠭᠦᠳ ᠲᠠᠢ ᠤᠯᠤᠰ ᠤᠨ ᠶᠠᠪᠤᠳᠠᠯ ᠢ ᠬᠠᠮᠳᠦ ᠪᠠᠷ ᠵᠥᠪᠯᠡᠪᠡ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠵᠦ᠂ ᠪᠣᠳᠠᠲᠠᠢ ᠶᠢ ᠡᠷᠬᠢᠮᠯᠡᠨ | ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠤᠯᠪᠠ᠃ | ᠬᠤᠷᠠᠯ ᠠᠴᠠ ᠸᠠᠩ ᠬᠤ᠋ ᠨᠢᠩ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ᠂ ᠵᠢᠶᠠᠩ ᠽᠦᠸᠧ ᠵᠢᠶᠦ᠋ᠨ ᠤ | ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃ ᠭᠡᠰᠢᠭᠦᠳ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠤᠯᠠ ᠣᠷᠣᠯᠴᠠᠵᠤ᠂ ᠯᠢ | ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠨ ᠶᠠᠷᠢᠯᠴᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ | ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠤᠨᠤᠰᠤᠨ ᠶᠠᠷᠢᠯᠴᠠᠵᠤ᠂ ᠪᠤᠰᠤᠳ | ᠬᠤᠯᠪᠣᠭᠳᠠᠯ ᠪᠦᠬᠦᠢ ᠮᠡᠳᠡᠭᠦᠯᠦᠯᠲᠡ ᠶᠢ ᠶᠠᠷᠢᠯᠴᠠᠵᠤ᠂ ᠵᠥᠪᠰᠢᠶᠡᠷᠡᠵᠦ ᠪᠠᠶᠢᠬᠤ ᠪᠠᠨ ᠢᠯᠡᠳᠭᠡᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ | ᠲᠣᠭᠲᠠᠭᠤᠨ ᠢᠶᠠᠷ ᠬᠤᠪᠢᠷᠠᠯᠳᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠤ᠂ ᠬᠦᠴᠢᠷ ᠢ ᠲᠤᠭᠤᠯᠤᠨ ᠪᠠᠷᠭᠡ ᠶᠢ ᠲᠠᠪᠠᠵᠤ᠂ | ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠳᠤᠯᠠᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ | ᠭᠦᠨᠵᠡᠭᠡᠶᠢᠷᠡᠵᠤ᠂ ᠨᠡᠶᠢᠭᠡᠮ ᠵᠢᠷᠤᠮ ᠤᠨ ᠰᠣᠶᠣᠯ ᠴᠡᠴᠡᠭᠯᠡᠨ ᠬᠥᠭᠵᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠶ | ᠪᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ | ᠳᠤᠮᠳᠠᠳᠤ ᠤᠯᠤᠰ ᠤᠨ ᠣᠨᠴᠠᠯᠢᠭ ᠪᠦ᠋ᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠪᠠᠶᠢᠳᠠᠯ ᠢ ᠡᠭᠦᠳᠴᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠴᠢᠬᠤᠯᠠ ᠶᠡᠭᠡ | ᠰᠢᠨ᠎ᠡ ᠠᠮᠵᠢᠯᠲᠠ ᠪᠦᠲᠦᠮᠵᠢ ᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠤᠯᠬᠤ ᠢᠲᠡᠭᠡᠯ ᠵᠣᠷᠢᠭ ᠢ ᠨᠡᠩ ᠪᠠᠲᠤᠳᠬᠠᠵᠠᠢ ᠭᠡᠵᠤ | ᠦᠵᠡᠪᠡ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠪᠣᠯᠤᠨ ᠤᠯᠤᠰ ᠤᠨ | ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠪᠣᠯᠤᠨ ᠦᠢᠯᠡᠳᠦᠯᠭᠡ ᠶᠢᠨ ᠠᠤᠭ᠎ᠠ | ᠬᠦᠴᠦᠨ ᠲᠠᠢ ᠶᠤᠮ ᠭᠡᠳᠡᠭ ᠢ ᠦᠢᠯᠡᠳᠤᠯᠭᠡ ᠬᠦᠢᠴᠡᠳ ᠭᠡᠷᠡᠴᠢᠯᠡᠪᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠰᠡᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠨᠠᠩ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠢᠢ | ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ | 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠨᠠᠷᠢᠨ ᠲᠣᠳᠣᠷᠬᠠᠶ ᠭᠦᠨ | ᠭᠦᠨᠵᠡᠭᠡᠶ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠮᠠᠷᠺᠰ ᠤᠨ ᠦᠵᠡᠯ ᠤᠨ ᠦᠨᠳᠦᠰᠦᠨ ᠣᠭ ᠶᠣᠰᠣ ᠶᠢ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠬᠤ ᠦᠨᠡᠨ ᠶᠣᠰᠣᠨ ᠤ ᠬᠡᠷᠡᠯ | ᠭᠢᠯᠪᠠᠭ᠎ᠠ ᠶᠢ ᠰᠠᠴᠤᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ | ᠤᠷᠤᠭᠰᠢᠯᠠᠬᠤ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠶ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ | ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ | ᠲᠠᠪᠰᠢᠯᠳᠠ ᠶᠢᠨ ᠦᠨᠳᠦᠰᠦᠨ ᠪᠠᠲᠤᠯᠠᠭ᠎ᠠ ᠪᠣᠯᠬᠤ ᠶᠢ ᠭᠦᠨᠵᠡᠭᠡᠢ ᠣᠶᠢᠯᠠᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠪᠠ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ | ᠂ ᠰᠢᠨ᠎ᠡ ᠠᠶᠠᠨ ᠳᠠᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠦᠴᠦᠯᠡᠬᠦ ᠭᠤᠣᠯᠳᠠᠯᠭ᠎ᠠ ᠶᠢ ᠭᠦᠨᠵᠡᠭᠡᠢ ᠡᠵᠡᠮᠳᠡᠵᠦ᠂ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ ᠪᠠᠨ | ᠴᠢᠩᠭᠠᠳᠬᠠᠬᠤ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ | ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ᠂ ᠲᠡᠰ | ᠲᠠᠷᠠᠭᠠᠯᠠᠯᠵᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ | ᠭᠡᠵᠦ ᠦᠵᠡᠪᠡ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ | ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠤᠨ᠎ᠠ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ | ᠭᠤᠣᠯᠳᠠᠯᠭ᠎ᠠ ᠲᠠᠢ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠭᠦᠨᠵᠡᠭᠡᠢ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠠᠯᠤᠰ | ᠬᠡᠳᠦ ᠶᠢᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠬᠦᠷᠢᠶ᠎ᠡ ᠴᠠᠷᠠᠭ᠎ᠠ ᠠᠯᠤᠰᠯᠠᠭᠰᠠᠨ ᠲᠤᠰᠬᠠᠢ ᠰᠡᠳᠦᠪᠲᠦ ᠰᠤᠳᠤᠯᠭᠠᠨ ᠢ ᠵᠣᠬᠢᠶᠠᠨ ᠪᠠᠶᠢᠭᠤᠯᠤᠨ | ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠣᠭᠲᠠᠭᠠᠬᠤ ᠰᠠᠨᠠᠭᠤᠯᠭ᠎ᠠ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠤᠳᠤᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠮᠦᠨ ᠤ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ᠂ ᠬᠠᠮᠲᠤ ᠶᠢᠨ ᠲᠠᠨᠢᠯᠲᠠ ᠪᠣᠯ ᠡᠷᠡᠮᠡᠬᠡᠶᠢᠯᠡᠨ ᠤᠷᠤᠭᠰᠢᠯᠠᠬᠤ | ᠬᠥᠳᠡᠯᠭᠡᠬᠦ ᠬᠦᠴᠦᠨ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ ᠭᠤᠣᠯ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠬᠥᠮᠦᠰ ᠤᠨ | ᠰᠡᠳᠭᠢᠯ ᠢ ᠨᠢᠭᠲᠠᠷᠠᠭᠤᠯᠬᠤ᠂ ᠬᠦᠴᠦᠨ ᠢ ᠨᠢᠭᠲᠠᠷᠠᠭᠤᠯᠬᠤ ᠤᠯᠤᠰ ᠲᠦᠷᠦ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠬᠦᠳᠦᠯᠥᠨ | ᠳᠠᠭᠠᠭᠤᠯᠵᠤ ᠪᠠᠶᠢᠭᠠᠳ ᠢᠮᠠᠭᠲᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠪᠤᠳᠤᠯ ᠰᠡᠳᠭᠢᠯ ᠢᠶᠠᠨ ᠬᠤᠯᠪᠣᠵᠤ᠂ ᠬᠠᠮᠲᠤ ᠵᠣᠭᠰᠣᠵᠤ᠂ ᠬᠠᠮᠲᠤ | ᠠᠵᠢᠯᠯᠠᠬᠤ ᠪᠣᠯᠭᠠᠬᠤ ᠬᠡᠷᠡᠭᠲᠡᠢ᠃ ᠭᠡᠰᠢᠭᠦᠳ ᠤᠨ ᠨᠣᠮ ᠤᠩᠰᠢᠬᠤ᠂ ᠤᠨᠤᠯ ᠤᠨ ᠰᠤᠷᠤᠯᠴᠠᠯᠭ᠎ᠠ ᠪᠠ ᠤᠯᠤᠰ ᠲᠦᠷᠦ ᠶᠢᠨ ᠪᠣᠯᠪᠠᠰᠤᠷᠠᠯ ᠢ ᠪᠠᠶᠢᠩᠭᠤ | ᠥᠷᠨᠢᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ | ᠨᠠᠮ ᠪᠠ ᠵᠠᠰᠠᠭ ᠤᠨ ᠣᠷᠳᠣᠨ ᠢ ᠬᠠᠮᠵᠢᠨ ᠲᠦᠷᠦ ᠶᠢᠨ ᠪᠤᠳᠤᠯᠭ᠎ᠠ ᠶᠢ ᠤᠬᠠᠭᠤᠯᠬᠤ᠂ ᠵᠥᠷᠢᠴᠡᠯ ᠢ ᠠᠷᠢᠯᠭᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ | ᠢᠲᠡᠭᠡᠯ ᠵᠣᠷᠢᠭ ᠢ ᠬᠥᠪᠴᠢᠯᠡᠬᠦ ᠠᠵᠢᠯ ᠢ ᠰᠠᠶᠢᠲᠤᠷ ᠬᠢᠵᠦ᠂ ᠡᠲᠡᠭᠡᠳ ᠢᠯᠭᠠᠯ ᠤᠨ ᠤᠯᠠᠨ ᠲᠦᠮᠡᠨ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠠᠵᠤ | ᠠᠬᠤᠢ ᠶᠢᠨ ᠪᠠᠶᠢᠳᠠᠯ᠂ ᠬᠥᠭᠵᠢᠯᠲᠡ ᠶᠢᠨ ᠶᠡᠭᠡ ᠬᠠᠨᠳᠤᠰᠢ ᠳᠤ ᠪᠦᠬᠦ ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ ᠬᠦᠳᠦᠯᠦᠨ ᠵᠢᠯᠣᠭᠤᠳᠴᠤ᠂ | ᠭᠤᠣᠯ ᠬᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠰᠡᠳᠭᠢᠯ ᠤᠨ ᠦᠭᠡ ᠪᠠᠨ ᠰᠣᠯᠢᠯᠴᠠᠬᠤ᠂ ᠨᠥᠬᠦᠷᠯᠡᠯ | ᠪᠠᠶᠢᠭᠤᠯᠵᠤ ᠨᠥᠬᠦᠷᠯᠡᠬᠦ ᠠᠵᠢᠯ ᠢ ᠭᠦᠨᠵᠡᠭᠡᠶᠢᠷᠡᠭᠦᠯᠵᠦ᠂ ᠭᠡᠰᠢᠭᠦᠳ ᠤᠨ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠵᠦ ︽ᠠᠷᠠᠳ ᠤᠨ ᠲᠥᠯᠥᠭᠡ ᠦᠢᠯᠡᠴᠢᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠬᠢᠵᠦ᠂ ᠠᠷᠠᠳ ᠤᠨ ᠪᠠᠶᠢᠳᠠᠯ ᠢ | ᠨᠡᠩ ᠰᠠᠶᠢᠳᠤᠷ ᠣᠶᠢᠯᠠᠭᠠᠵᠤ᠂ ᠠᠷᠠᠳ ᠤᠨ ᠵᠣᠪᠠᠭᠤᠷᠢ ᠶᠢ ᠠᠷᠢᠯᠭᠠᠵᠤ᠂ ᠠᠷᠠᠳ ᠤᠨ ᠰᠡᠳᠭᠢᠯ ᠢ ᠳᠤᠯᠠᠭᠠᠴᠠᠭᠤᠯᠬᠤ ᠬᠡᠷᠡᠭᠲᠡᠢ᠃ ᠮᠠᠨ ᠤ ᠤᠯᠤᠰ ᠤᠨ | ᠰᠢᠨ᠎ᠡ ᠮᠠᠶ᠋ᠢᠭ ᠤᠨ ᠲᠥᠷᠥ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠳᠠ ᠶᠢ ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ | ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ | ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ | ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ | ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠦᠷᠦ ᠶᠢᠨ | ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ | ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ | ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠳᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ | ᠠᠷᠠᠳᠴᠢᠯᠠᠯ ᠤᠨ ᠲᠣᠭᠲᠡᠴᠡ ᠶᠢ ᠪᠦᠷᠢᠨᠰᠢᠭᠦᠯᠵᠦ᠂ ᠲᠤᠰᠬᠠᠢ ᠵᠥᠪᠯᠡᠯ ᠤᠨ ᠰᠠᠭᠤᠷᠢᠯᠠᠬᠤ ᠴᠢᠨᠠᠷᠲᠠᠢ ᠦᠢᠯᠡᠳᠦᠯ ᠪᠠ ᠡᠲᠡᠭᠡᠳ ᠤᠨ ᠢᠯᠭᠠᠯ ᠤᠨ | ᠦᠪᠡᠷᠮᠢᠴᠡ ᠤᠨᠴᠠᠯᠢᠭ ᠲᠠᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠠᠳᠠᠭᠠᠳᠤ ᠯᠤᠭ᠎ᠠ ᠶᠢᠨ ᠨᠥᠬᠦᠷᠰᠡᠭ ᠶᠠᠪᠤᠯᠴᠠᠭ᠎ᠠ ᠶᠢ ᠰᠢᠨ᠎ᠡ ᠪᠠᠷ ᠡᠭᠦᠳᠦᠨ | ᠥᠷᠨᠢᠭᠦᠯᠵᠦ᠂ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠠᠷᠠᠳ ᠤᠨ ᠠᠷᠠᠳᠴᠢᠯᠠᠯ ᠤᠨ ᠦᠯᠢᠭᠡᠷ ᠢ ᠰᠠᠶᠢᠲᠤᠷ ᠶᠠᠷᠢᠵᠤ᠂ | ᠳᠤᠮᠳᠠᠳᠤ ᠶᠢ ᠣᠶᠢᠯᠠᠭᠠᠬᠤ ᠳᠤᠮᠳᠠᠳᠤ ᠶᠢᠨ ᠨᠥᠬᠦᠷᠰᠡᠭ ᠨᠠᠶᠢᠵᠨ ᠶᠢᠨ ᠲᠤᠭᠤᠷᠢᠭ ᠢ ᠥᠷᠭᠡᠳᠬᠡᠬᠦ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠭᠠᠷᠤᠯ ᠢᠶᠠᠨ ᠨᠠᠨᠳᠢᠩᠨᠠᠵᠤ᠂ ᠤᠯᠤᠰ | ᠲᠦᠷᠦ ᠶᠢᠨ ᠬᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ | ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ | ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ ᠶᠢ ᠪᠡᠶᠡᠯᠡᠭᠦᠯᠵᠦ᠂ ᠥᠨᠳᠥᠷ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ | ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠦ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠡᠯ᠎ᠡ ᠵᠦᠢᠯ ᠤᠨ | ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠬᠡᠪ ᠴᠢᠨᠠᠷ ᠥᠨᠳᠥᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠣᠪᠣᠷ ᠰᠤᠷᠲᠠᠯ ᠰᠠᠶᠢᠨ ᠨᠢᠭᠡᠨ ᠰᠠᠯᠠᠭ᠎ᠠ ᠪᠠᠶᠢᠭᠤᠯᠭ᠎ᠠ ᠶᠢᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ | ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠪᠣᠯᠣᠨ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠶᠢᠨ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠲᠦᠯᠬᠢᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶ | |