ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠨᠡ ᠡᠳᠦᠷ ᠲᠡᠭᠦᠰᠦᠨ᠎ᠡ
ᠨᠡᠶᠢᠲᠡᠯᠡᠭᠰᠡᠨ ᠴᠠᠭ᠄
2025/3/11
    11 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠡᠯ᠎ᠡ ᠲᠥᠯᠥᠭᠡᠯᠡᠭᠴᠢᠳ ᠤᠨ ᠪᠦᠯᠬᠦᠮ ᠳᠤᠭᠤᠶᠢᠯᠠᠩ ᠬᠤᠪᠢᠶᠠᠭᠰᠠᠨ ᠬᠤᠷᠠᠯ ᠬᠢᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶ᠎ᠡ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠭᠤᠷᠪᠡᠨ ᠰᠶᠢᠳᠪᠦᠷᠢ ᠶᠢᠨ ᠲᠦᠰᠦᠯ ᠢ ᠬᠢᠨᠠᠨ ᠵᠦᠪᠯᠡᠨ᠎ᠡ︔ ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠤᠨ᠎ᠠ᠃    11 ᠤ ᠦᠳᠡ ᠶᠢᠨ ᠬᠤᠶᠢᠨᠠᠬᠢ 3 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠬᠦ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠤᠭᠲᠠᠭᠠᠯ ᠤᠨ ᠲᠦᠰᠦᠯ ᠢ ᠪᠠᠲᠤᠯᠠᠵᠤ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠵᠤ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠶᠢᠳᠪᠦᠷᠢ ᠶᠢᠨ ᠲᠥᠰᠥᠯ ᠢ ᠪᠠᠲᠤᠯᠠᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ