— ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ | ᠠᠮᠵᠢᠯᠲᠠ ᠲᠠᠢ ᠲᠡᠭᠦᠰᠦᠭᠰᠡᠨ ᠳᠤ ᠬᠠᠯᠠᠭᠤᠨ ᠪᠠᠶᠠᠷ ᠬᠦᠷᠭᠡᠶ᠎ᠡ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠠᠭᠤᠤ ᠦᠢᠯᠡᠰ ᠢ ᠴᠣᠭᠴᠠᠯᠠᠨ᠂ ᠨᠢᠭᠡ ᠰᠡᠳᠭᠢᠯ ᠨᠢᠭᠡ ᠵᠣᠷᠢᠭ ᠢᠶᠠᠷ ᠡᠭᠦᠷᠭᠡᠯᠡᠯ ᠢᠶᠠᠨ | ᠢᠯᠡᠷᠡᠭᠦᠯᠤᠨ᠎ᠠ᠃ 3 ᠰᠠᠷ᠎ᠠ ᠶᠢᠨ 10 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠪᠡᠭᠡᠵᠢᠩ ᠳᠤ ᠠᠮᠵᠢᠯᠲᠠ ᠲᠠᠢ ᠲᠡᠭᠦᠰᠪᠡ᠃ | ᠪᠢᠳᠡ ᠶᠡᠭᠡ ᠬᠤᠷᠠᠯ ᠤᠨ ᠠᠮᠵᠢᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠡᠨᠡ ᠪᠣᠯ ᠨᠢᠭᠡ ᠤᠳᠠᠭ᠎ᠠ ᠶᠢᠨ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ | ᠲᠡᠮᠡᠴᠡᠭᠰᠡᠨ ᠶᠡᠭᠡ ᠬᠤᠷᠠᠯ ᠮᠦᠨ᠃ ᠬᠤᠷᠠᠯ ᠤᠨ ᠬᠤᠭᠤᠴᠠᠭᠠᠨ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ | ᠤᠳᠤᠷᠢᠳᠬᠤ ᠨᠥᠬᠦᠳ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠪᠣᠯᠤᠨ ᠲᠡᠭᠦᠰᠭᠦ ᠬᠤᠷᠠᠯ ᠳᠤ ᠣᠷᠣᠯᠴᠠᠵᠤ᠂ ᠬᠤᠷᠠᠯ ᠳᠤ ᠣᠷᠣᠯᠴᠠᠭᠰᠠᠨ | ᠭᠡᠰᠢᠭᠦᠳ ᠢ ᠡᠷᠬᠢᠨ ᠦᠵᠡᠭᠰᠡᠨ ᠪᠥᠭᠡᠳ ᠲᠤᠭᠤᠶᠢᠯᠠᠩ ᠬᠠᠮᠳᠤᠷᠠᠬᠰᠡᠨ ᠬᠤᠷᠠᠯ ᠳᠤ ᠣᠷᠣᠯᠴᠠᠵᠤ᠂ ᠭᠡᠰᠢᠭᠦᠳ ᠲᠠᠢ ᠬᠠᠮᠲᠤ ᠪᠠᠷ ᠤᠯᠤᠰ ᠤᠨ ᠶᠠᠪᠤᠳᠠᠯ ᠢ | ᠵᠥᠪᠯᠡᠪᠡ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠤᠯᠠ | ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ | ᠭᠦᠨᠵᠡᠭᠡᠢ ᠵᠥᠪᠯᠡᠨ ᠶᠠᠷᠢᠯᠴᠠᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ | ᠦᠷ᠎ᠡ ᠪᠦᠳᠦᠮᠵᠢ ᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ᠂ ᠶᠡᠭᠡ ᠬᠤᠷᠠᠯ ᠨᠢ | ᠢᠳᠡᠪᠬᠢ ᠬᠦᠴᠦᠨ ᠢ ᠨᠢᠭᠲᠠᠷᠠᠭᠤᠯᠵᠤ᠂ ᠡᠷᠴᠢ ᠵᠣᠷᠢᠭ ᠢ ᠬᠥᠪᠴᠢᠯᠡᠵᠦ᠂ ᠮᠠᠨ ᠤ ᠤᠯᠤᠰ ᠤᠨ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠪᠠᠶᠢᠭᠤᠯᠤᠯ ᠤᠨ ᠳᠠᠪᠠᠭᠤᠯᠢᠭ ᠪᠠ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ ᠤ ᠬᠠᠮᠲᠤ ᠶᠢᠨ ᠦᠢᠯᠡᠰ ᠮᠥᠨ᠂ ᠪᠠᠰᠠ ᠴᠤ ᠪᠦᠬᠦ | ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠪᠠᠶᠢᠵᠤ᠂ ᠬᠡᠳᠦᠨ ᠦᠶ᠎ᠡ ᠶᠢᠨ ᠬᠥᠮᠦᠰ ᠤᠨ ᠬᠠᠮᠲᠤ ᠶᠢᠨ ᠲᠡᠮᠡᠴᠡᠯ ᠢ | ᠨᠢᠭᠲᠠᠷᠠᠭᠤᠯᠵᠤ ᠪᠠᠶᠢᠳᠠᠭ᠃ ᠣᠳᠣᠬᠠᠨ ᠳᠤ᠂ ᠬᠦᠴᠤᠷᠭᠡᠭ ᠤᠯᠤᠰ ᠤᠨ ᠪᠦᠲᠦᠭᠡᠨ ᠪᠠᠶᠢᠭᠤᠯᠤᠯᠲᠠ ᠨᠢᠭᠡᠨᠲᠡ ᠰᠦᠷ ᠵᠢᠪᠬᠤᠯᠠᠩᠲᠤ ᠬᠠᠭᠤᠳᠠᠰᠤ ᠶᠢ | ᠳᠡᠯᠭᠡᠭᠰᠡᠨ ᠪᠥᠭᠡᠳ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠳᠤᠮᠳᠠᠳᠤ ᠶᠢᠨ ᠦᠨᠳᠦᠰᠦᠲᠡᠨ ᠶᠠᠭ ᠬᠤᠷᠢᠭᠯᠠᠭᠳᠠᠰᠢ ᠦᠭᠡᠢ | ᠠᠯᠬᠤᠭ᠎ᠠ ᠪᠠᠷ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ ᠬᠠᠷᠠᠯᠲᠠ ᠳᠤ ᠣᠶᠢᠷᠠᠳᠬᠤ ᠳᠤᠳᠤᠮ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠤᠯᠠᠮ ᠪᠠᠲᠤᠯᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠤᠯᠠᠮ ᠨᠢᠭᠲᠠᠷᠠᠭᠤᠯᠵᠤ᠂ ᠪᠦᠬᠦ | ᠳᠤᠮᠳᠠᠳᠤ ᠶᠢᠨ ᠬᠥᠪᠡᠭᠦᠳ ᠥᠬᠢᠳ ᠢ ᠳᠠᠶᠢᠴᠢᠯᠠᠨ ᠬᠠᠮᠲᠤ ᠪᠠᠷ ᠪᠣᠳᠣᠯᠬᠢᠯᠠᠵᠤ᠂ ᠬᠠᠮᠲᠤ ᠪᠠᠷ ᠠᠵᠢᠯᠯᠠᠬᠤ ᠬᠡᠷᠡᠭᠲᠡᠢ᠃ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠣᠯ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ | ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠢ ᠬᠥᠲᠥᠯᠪᠦᠷᠢ ᠮᠥᠨ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ | ᠬᠥᠭᠵᠢᠯᠲᠡ ᠳᠠᠪᠰᠢᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨᠵᠢ ᠴᠢᠨᠠᠷ ᠤᠨ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠪᠡᠯ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠥᠮᠦᠰ ᠤᠨ ᠰᠡᠳᠭᠢᠯ ᠢ ᠥᠷᠭᠡᠨ ᠢᠶᠠᠷ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ | ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠵᠦ ᠴᠢᠳᠠᠨ᠎ᠠ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠪᠢᠳᠡᠨ ᠤ ᠠᠬᠢᠭᠤᠯᠬᠤ ᠭᠡᠵᠦ ᠪᠠᠶᠢᠭ᠎ᠠ ᠬᠦᠴᠦᠷᠬᠡᠭ | ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠪᠣᠯ ᠨᠠᠮ ᠲᠣᠭᠲᠠᠭᠤᠨ ᠪᠠᠶᠢᠳᠠᠯ ᠤᠨ ᠳᠣᠣᠷ᠎ᠠ | ᠠᠮᠵᠢᠯᠲᠠ ᠤᠯᠬᠤ ᠪᠢᠰᠢ᠂ ᠰᠣᠷᠭᠤᠭ ᠴᠡᠴᠡᠭ ᠠᠯᠠᠭ᠎ᠠ ᠲᠠᠰᠢᠯᠲᠠ ᠶᠢᠨ ᠳᠤᠮᠳᠠ ᠠᠮᠵᠢᠯᠲᠠ ᠪᠠᠨ ᠡᠳ᠋ᠯᠡᠬᠦ ᠪᠢᠰᠢ ᠶᠤᠮ᠂ ᠤᠷᠤᠭᠰᠢᠯᠠᠯᠲᠠ ᠶᠢᠨ ᠵᠠᠮ | ᠳᠡᠭᠡᠷ᠎ᠡ ᠵᠠᠶᠢᠯᠠᠰᠢ ᠦᠭᠡᠢ ᠬᠦᠴᠢᠷ ᠪᠡᠷᠬᠡᠰᠢᠶᠡᠯ ᠬᠠᠷᠰᠢ ᠰᠠᠭᠠᠳ᠂ ᠠᠶᠤᠯ ᠲᠦᠭᠰᠢᠭᠦᠷᠢ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ | ᠤᠴᠠᠷᠠᠬᠤ ᠶᠤᠮ᠃ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ | ᠵᠠᠶᠢᠯᠠᠰᠢ ᠦᠭᠡᠢ ᠶᠠᠪᠤᠬᠤ ᠵᠠᠮ ᠮᠥᠨ᠃ ᠨᠠᠮ ᠤᠨ ᠤᠳᠤᠷᠢᠳᠤᠯᠭ᠎ᠠ ᠳᠣᠣᠷ᠎ᠠ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠤᠭ ᠤᠨ ᠶᠡᠭᠡ | ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠳᠠᠭ ᠯᠠ ᠶᠤᠮ ᠪᠣᠯ ᠪᠦᠲᠦᠭᠡᠵᠦ ᠳᠡᠶᠢᠯᠬᠦ ᠦᠭᠡᠢ ᠦᠢᠯᠡᠰ ᠭᠡᠵᠦ ᠦᠭᠡᠢ᠂ ᠳᠠᠪᠠᠵᠤ ᠳᠡᠶᠢᠯᠬᠦ ᠦᠭᠡᠢ | ᠬᠦᠴᠢᠷ ᠭᠡᠵᠦ ᠦᠭᠡᠢ ᠶᠤᠮ᠃ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ | ᠬᠤᠪᠢ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠠ ᠤᠯᠠᠨ | ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠶᠢ ᠪᠠᠷᠢᠮᠲᠠᠯᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠤᠬᠠᠮᠰᠠᠷ ᠠᠴᠠ ᠪᠠᠨ | ᠠᠬᠢᠭᠤᠯᠵᠤ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ | ᠰᠡᠳᠭᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠵᠥᠪᠯᠡᠬᠦ ᠠᠷᠠᠳᠴᠢᠯᠠᠯ ᠪᠣᠯ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠡᠷᠦᠩᠬᠡᠢ ᠱᠦᠵᠢ | ᠰᠢ ᠶᠢᠨ ᠫᠢᠩ᠂ ︽ᠵᠥᠪᠯᠡᠬᠦ ᠠᠷᠠᠳᠴᠢᠯᠠᠯ ᠢ ᠪᠦᠬᠦ ᠲᠠᠯ᠎ᠠ ᠪᠠᠷ ᠬᠥᠭᠵᠢᠭᠦᠯᠬᠦ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ | ᠬᠡᠷᠡᠭᠲᠡᠢ︾ ᠭᠡᠵᠦ ᠵᠢᠭᠠᠵᠤ ᠭᠠᠷᠭᠠᠪᠠ᠃ ᠵᠣᠬᠢᠶᠠᠮᠠᠯ ᠤᠶᠤᠨ ᠴᠢᠳᠠᠪᠤᠷᠢ᠂ ᠤᠶᠢᠷ᠎ᠠ ᠣᠭᠲᠠᠷᠭᠤᠢ ᠶᠢᠨ ᠠᠵᠤ ᠠᠬᠤᠢ ᠵᠡᠷᠭᠡ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠠᠴᠠ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠦᠷᠲᠡᠯ᠎ᠡ᠂ ᠲᠠᠬᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠦᠷᠲᠡᠯ᠎ᠡ᠂ ᠶᠡᠭᠡ ᠬᠤᠷᠠᠯ ᠤᠨ ᠬᠤᠭᠤᠴᠠᠭᠠᠨ ᠳᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ︽ᠤᠯᠤᠰ ᠤᠨ ᠶᠡᠭᠡ | ᠶᠠᠪᠤᠳᠠᠯ︾᠂ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠰᠠᠶᠢᠨ ᠰᠠᠨᠠᠭᠤᠯᠭ᠎ᠠ ᠳᠤᠷᠠᠳᠴᠤ᠂ ᠰᠠᠶᠢᠨ ᠳᠠᠭᠤᠨ ᠢ | ᠴᠤᠤᠷᠢᠶᠠᠲᠤᠭᠤᠯᠵᠤ᠂ ᠮᠠᠨ ᠤ ᠤᠯᠤᠰ ᠤᠨ ᠵᠥᠪᠯᠡᠬᠦ ᠠᠷᠠᠳᠴᠢᠯᠠᠯ ᠤᠨ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠪᠡ᠃ ᠢᠷᠡᠭᠡᠳᠦᠢ ᠳᠤ | ᠬᠠᠨᠳᠤᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠨ ᠵᠠᠰᠠᠭ ᠲᠤ | ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠵᠢᠷᠤᠮ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠵᠥᠪᠯᠡᠬᠦ ᠠᠷᠠᠳᠴᠢᠯᠠᠯ ᠢ ᠥᠷᠭᠡᠨ ᠳᠡᠯᠭᠡᠷ ᠤᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠲᠠᠰᠤᠷᠠᠯᠳᠠ ᠦᠭᠡᠢ | ᠠᠬᠢᠭᠤᠯᠤᠨ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠳᠦᠷᠦ ᠶᠢᠨ ᠶᠠᠪᠤᠳᠠᠯ ᠳᠤ ᠤᠷᠤᠯᠴᠠᠵᠥ ᠳᠦᠷᠦ ᠶᠢᠨ | ᠶᠠᠪᠤᠳᠠᠯ ᠢ ᠵᠦᠪᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨ ᠬᠦ ᠵᠥᠪᠯᠡᠯᠭᠡ ᠬᠢᠬᠦ ᠪᠠᠷ ᠳᠠᠮᠵᠢᠭᠤᠯᠤᠨ ᠠᠷᠭ᠎ᠠ ᠤᠬᠠᠭᠠᠨ ᠭᠠᠷᠭᠠᠵᠤ᠂ ᠬᠠᠮᠲᠤ ᠶᠢᠨ | ᠲᠠᠨᠢᠯᠲᠠ ᠭᠠᠷᠭᠠᠵᠤ᠂ ᠬᠠᠶᠢᠷ᠎ᠠ ᠰᠡᠳᠭᠢᠯᠭᠡ ᠭᠠᠷᠭᠠᠵᠤ᠂ ᠪᠦᠯᠬᠦᠮᠳᠡᠯ ᠭᠠᠷᠭᠠᠵᠤ ᠴᠢᠳᠠᠪᠠᠯ᠂ ᠯᠠᠪᠲᠠᠢ ᠴᠢᠨᠠᠷ ᠰᠠᠶᠢᠲᠠᠢ ᠵᠥᠪᠯᠡᠯᠭᠡ ᠬᠢᠬᠦ᠂ ᠥᠨᠳᠥᠷ | ᠲᠦᠪᠰᠢᠨ ᠪᠦᠬᠦᠢ ᠰᠠᠨᠠᠯ ᠰᠠᠨᠠᠭᠤᠯᠭ᠎ᠠ ᠳᠤᠷᠠᠳᠬᠤ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠪᠦᠳᠦᠭᠡᠨ | ᠪᠠᠶᠢᠭᠤᠯᠤᠯᠲᠠ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ ᠴᠢᠳᠠᠨ᠎ᠠ᠃ | ᠨᠢᠭᠡᠨᠲᠡ ᠲᠣᠭᠲᠠᠭᠰᠠᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ︽ᠳᠤᠮᠳᠠᠳᠤ ᠤᠯᠤᠰ ᠨᠡᠷᠡᠮᠵᠢᠲᠦ︾ ᠲᠤᠮᠤ ᠬᠥᠯᠭᠡ ᠣᠩᠭᠤᠴᠠ ᠲᠤᠰᠤ ᠨᠡᠮᠡᠨ᠂ | ᠵᠠᠯᠠᠭᠤᠷ ᠢᠶᠠᠨ ᠯᠠᠪᠳᠠᠭᠤᠨ ᠠᠳᠬᠤᠵᠤ᠂ ᠡᠷᠴᠢ ᠵᠣᠷᠢᠭ ᠢᠶᠠᠨ ᠬᠥᠪᠴᠢᠯᠡᠨ᠂ ᠳᠠᠷᠪᠠᠭᠤᠯ ᠬᠡᠶᠢᠰᠭᠡᠨ ᠬᠤᠯᠠ ᠠᠶᠠᠯᠠᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ | ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ | ᠵᠠᠮ ᠨᠡᠭᠡᠭᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠨᠠᠩ ᠶᠡᠭᠡ ᠰᠢᠨ᠎ᠡ ᠬᠡᠷᠡᠯ | ᠰᠠᠴᠤᠷᠠᠩᠭᠤᠶ ᠠᠮᠵᠢᠯᠲᠠ ᠶᠢ ᠬᠠᠮᠲᠤ ᠪᠠᠷ ᠡᠭᠦᠳᠦᠶ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶ | |