ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠣ᠋ ᠨᠢᠩ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ | ᠲᠠᠩᠬᠢᠮ ᠳᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ | ᠤᠬᠠᠭᠤᠯᠤᠨ ᠮᠡᠳᠡᠭᠡᠯᠡᠬᠦ ᠳᠤ ᠣᠷᠣᠯᠴᠠᠭᠰᠠᠨ ᠰᠣᠨᠢᠨ ᠮᠡᠳᠡᠭᠡᠨ ᠤ ᠠᠵᠢᠯᠲᠠᠳ ᠤᠨ ᠲᠥᠯᠥᠭᠡᠯᠡᠭᠴᠢ ᠶᠢ ᠡᠷᠬᠢᠨ ᠦᠵᠡᠵᠦ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠡᠮᠦᠨ᠎ᠡ ᠠᠴᠠ ᠤᠯᠠᠨ ᠢ ᠴᠢᠩ ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠ ᠴᠢᠩ ᠰᠡᠳᠭᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠭᠡᠪᠡ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠭᠤᠸᠠᠩᠮᠢᠩ | ᠡᠳᠦᠷ ᠤᠨ ᠰᠣᠨᠢᠨ ᠤ ᠬᠤᠷᠢᠶ᠎ᠠ᠂ ᠠᠵᠤ ᠠᠬᠤᠢ ᠶᠢᠨ ᠡᠳᠦᠷ ᠤᠨ ᠰᠣᠨᠢᠨ ᠤ ᠬᠤᠷᠢᠶ᠎ᠠ᠂ ᠳᠤᠮᠳᠠᠳᠤ ᠤᠯᠤᠰ ᠤᠨ ᠡᠳᠦᠷ ᠤᠨ ᠰᠣᠨᠢᠨ ᠤ ᠬᠤᠷᠢᠶ᠎ᠠ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠣᠨᠢᠨ ᠤ ᠬᠤᠷᠢᠶ᠎ᠠ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠵᠡᠷᠭᠡ ᠲᠥᠪ ᠤᠨ ᠭᠤᠣᠯ | ᠪᠣᠯᠬᠤ ᠰᠣᠨᠢᠨ ᠮᠡᠳᠡᠭᠡᠨ ᠤ ᠨᠢᠭᠡᠴᠢ ᠵᠢᠴᠢ ᠳᠤᠮᠳᠠᠳᠤ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠡᠳᠬᠦᠯ ᠤᠨ ᠬᠤᠷᠢᠶ᠎ᠠ ᠶᠢᠨ ᠬᠠᠷᠢᠭᠤᠴᠠᠯᠭᠠᠲᠠᠨ | ᠨᠥᠬᠦᠳ ᠪᠣᠯᠤᠨ ᠶᠡᠭᠡ ᠬᠤᠷᠠᠯ ᠢ ᠮᠡᠳᠡᠭᠡᠯᠡᠬᠦ ᠳᠤ ᠣᠷᠣᠯᠴᠠᠭᠰᠠᠨ ᠰᠤᠷᠪᠤᠯᠵᠢᠯᠠᠭᠴᠢ ᠨᠠᠶᠢᠷᠠᠭᠤᠯᠤᠭᠴᠢ ᠶᠢᠨ ᠲᠥᠯᠥᠭᠡᠯᠡᠭᠴᠢ ᠡᠷᠬᠢᠨ ᠦᠵᠡᠬᠦ | ᠠᠵᠢᠯᠯᠠᠭ᠎ᠠ ᠳᠤ ᠣᠷᠣᠯᠴᠠᠵᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠤᠨ ᠤᠬᠠᠭᠤᠯᠤᠨ ᠮᠡᠳᠡᠭᠡᠯᠡᠭᠰᠡᠨ ᠠᠵᠢᠯ ᠤᠨ ᠪᠠᠶᠢᠳᠠᠯ ᠢ ᠲᠠᠨᠢᠯᠴᠠᠭᠤᠯᠪᠠ᠃ | ᠸᠠᠩ ᠬᠣ᠋ ᠨᠢᠩ᠂ ᠡᠨᠡ ᠤᠳᠠᠭ᠎ᠠ ᠶᠢᠨ ᠶᠡᠭᠡ ᠬᠤᠷᠠᠯ ᠲᠡᠭᠦᠰ ᠠᠮᠵᠢᠯᠲᠠ ᠣᠯᠤᠭᠰᠠᠨ ᠤ ᠦᠨᠳᠦᠰᠦᠨ ᠰᠢᠯᠲᠠᠭᠠᠨ ᠨᠢ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠮᠥᠨ ᠴᠦ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠶᠢ ᠢᠯᠡᠷᠡᠭᠦᠯᠦᠭᠰᠡᠨ ᠪᠠᠶᠢᠨ᠎ᠠ᠂ ᠡᠭᠦᠨ ᠤ ᠬᠠᠮᠲᠤ ᠰᠣᠨᠢᠨ ᠮᠡᠳᠡᠭᠡᠨ ᠤ ᠨᠢᠭᠡᠴᠢ ᠪᠣᠯᠤᠨ ᠰᠣᠨᠢᠨ | ᠮᠡᠳᠡᠭᠡᠨ ᠤ ᠠᠵᠢᠯᠲᠠᠳ ᠤᠨ ᠰᠢᠷᠭᠠᠭᠤ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ ᠭᠡᠵᠦ ᠢᠯᠡᠳᠭᠡᠪᠡ᠃ | ᠸᠠᠩ ᠬᠣ᠋ ᠨᠢᠩ᠂ ᠶᠡᠭᠡ ᠬᠤᠷᠠᠯ ᠤᠨ ᠬᠤᠭᠤᠴᠠᠭᠠᠨ ᠳᠤ᠂ ᠰᠣᠨᠢᠨ ᠮᠡᠳᠡᠭᠡᠨ ᠤ ᠨᠢᠭᠡᠴᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠬᠤᠷᠠᠯ ᠤᠨ | ᠦᠪᠡᠳᠡᠭᠰᠢ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ | ᠲᠡᠮᠡᠴᠡᠨ ᠤᠯᠬᠤ ᠡᠷᠡᠰ ᠪᠠᠲᠤ ᠢᠲᠡᠭᠡᠯ ᠵᠣᠷᠢᠭ ᠢ ᠳᠠᠮᠵᠢᠭᠤᠯᠪᠠ᠃ ᠲᠥᠪ ᠤᠨ ᠰᠣᠨᠢᠨ ᠮᠡᠳᠡᠭᠡᠨ ᠤ ᠨᠢᠭᠡᠴᠢ ᠨᠦᠭᠦᠳ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠢ ᠦᠷᠭᠦᠯᠵᠢᠯᠡᠨ ᠬᠠᠯᠠᠮᠵᠢᠯᠠᠨ ᠲᠡᠮᠵᠢᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ | ᠪᠠᠶᠢᠭᠤᠯᠤᠮᠵᠢ ᠶᠢᠨ ᠦᠢᠯᠡᠳᠦᠯ ᠢᠶᠠᠨ ᠪᠠᠳᠠᠷᠠᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ | ᠦᠢᠯᠡᠴᠢᠯᠡᠬᠦ ᠤᠬᠠᠭᠤᠯᠭ᠎ᠠ ᠶᠢ ᠰᠠᠶᠢᠲᠤᠷ ᠬᠢᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠬᠠᠭᠤᠯᠬᠤ ᠠᠵᠢᠯ ᠢ ᠰᠠᠶᠢᠲᠤᠷ ᠬᠢᠵᠦ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠯᠢᠭᠡᠷ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠯᠢᠭᠡᠷ ᠢ ᠰᠠᠶᠢᠲᠤᠷ ᠶᠠᠷᠢᠬᠤ ᠶᠢ ᠬᠦᠰᠡᠵᠦ | ᠪᠠᠶᠢᠨ᠎ᠠ ᠭᠡᠵᠦ ᠢᠯᠡᠳᠭᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠤᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠣ᠋ ᠯᠸᠢ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠬᠣ᠋ ᠴᠦᠨ ᠬᠤᠸᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ | ᠪᠢᠴᠢᠭ ᠤᠨ ᠳᠠᠷᠤᠭ᠎ᠠ ᠸᠠᠩ ᠳ᠋ᠦᠩ ᠹᠤᠩ ᠬᠠᠮᠲᠤ ᠪᠠᠷ ᠪᠣᠯᠭᠤᠭᠠᠨ ᠦᠵᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶ | |