ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠬᠦᠮ 10 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠤᠳᠠᠭ᠎ᠠ ᠶᠢᠨ | ᠬᠤᠷᠠᠯ ᠬᠢᠪᠠ᠃ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠤᠤ ᠯᠤ᠋ ᠵᠢᠢ ᠶᠢᠨ ᠨᠠᠶᠢᠳᠠᠯᠭ᠎ᠠ ᠪᠠᠷ᠂ ᠲᠡᠷᠢᠭᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠬᠢᠯᠡᠪᠡ᠃ | ᠬᠤᠷᠠᠯ ᠳᠤ ᠤᠷᠤᠯᠴᠠᠬᠤ ᠶᠤᠰᠤᠳᠠᠢ ᠬᠦᠮᠦᠨ 176 ᠬᠥᠮᠦᠨ ᠪᠠᠶᠢᠵᠤ᠂ 172 ᠬᠥᠮᠦᠨ ᠣᠷᠣᠯᠴᠠᠵᠤ᠂ 4 ᠬᠥᠮᠦᠨ ᠣᠷᠣᠯᠴᠠᠭᠰᠠᠨ ᠦᠭᠡᠢ᠂ | ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃ | 3 ᠰᠠᠷ᠎ᠠ ᠶᠢᠨ 9 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ | ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠭᠰᠡᠨ ᠰᠠᠨᠠᠯ ᠢ ᠦᠨᠳᠦᠰᠦᠯᠡᠵᠦ᠂ ᠲᠣᠭᠲᠠᠭᠠᠯ ᠤᠨ ᠲᠥᠰᠦᠯ ᠢ ᠬᠢᠨᠠᠨ ᠵᠥᠪᠯᠡᠵᠦ᠂ ᠲᠣᠭᠲᠠᠭᠠᠯ ᠤᠨ ᠲᠥᠰᠦᠯ ᠤᠨ ᠪᠠᠲᠤᠯᠠᠭᠤᠯᠬᠤ ᠨᠤᠤᠷᠠᠭ ᠢ | ᠳᠤᠷᠠᠳᠪᠠ᠃ ᠲᠡᠷᠢᠭᠦᠯᠡᠭᠴᠢᠳ ᠤᠨ ᠪᠦᠯᠬᠦᠮ ᠤᠨ ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ | ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠰᠢᠨ ᠴᠦᠨ ᠵᠢᠩ ᠤᠨ ᠬᠢᠭᠰᠡᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ | ᠣᠷᠣᠭᠤᠯᠬᠤ ᠲᠣᠭᠲᠠᠭᠠᠯ ᠤᠨ ᠲᠥᠰᠦᠯ ᠳᠤ ᠵᠠᠰᠠᠪᠤᠷᠢ ᠣᠷᠣᠭᠤᠯᠬᠤ ᠰᠠᠨᠠᠯ ᠤᠨ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠠᠲᠤᠯᠠᠯᠲᠠ ᠬᠢᠬᠦ ᠪᠠᠷ | ᠲᠠᠮᠵᠢᠨ᠂ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠪᠣᠯᠤᠨ ᠲᠣᠭᠲᠠᠭᠠᠯ ᠤᠨ ᠲᠥᠰᠦᠯ ᠤᠨ ᠪᠠᠲᠤᠯᠠᠭᠤᠯᠬᠤ ᠨᠤᠤᠷᠠᠭ ᠢ ᠪᠠᠲᠤᠯᠠᠵᠤ᠂ ᠲᠥᠯᠥᠭᠡᠯᠡᠭᠴᠢ ᠶᠢᠨ | ᠬᠠᠤᠯᠢ ᠳᠤ ᠵᠠᠰᠠᠪᠤᠷᠢ ᠣᠷᠣᠭᠤᠯᠬᠤ ᠲᠣᠭᠲᠠᠭᠠᠯ ᠤᠨ ᠲᠥᠰᠦᠯ ᠤᠨ ᠪᠠᠲᠤᠯᠠᠭᠤᠯᠬᠤ ᠨᠤᠤᠷᠠᠭ ᠢ ᠶᠡᠭᠡ ᠬᠤᠷᠠᠯ ᠤᠨ ᠪᠦᠬᠦᠳᠠ ᠬᠤᠷᠠᠯ ᠳᠤ ᠳᠡᠪᠰᠢᠭᠦᠯᠵᠦ | ᠪᠠᠲᠤᠯᠠᠭᠤᠯᠬᠤ ᠪᠠᠷ ᠲᠣᠭᠲᠠᠪᠠ᠃ | 3 ᠰᠠᠷ᠎ᠠ ᠶᠢᠨ 8 ᠤ ᠦᠳᠡ ᠶᠢᠨ ᠬᠤᠶᠢᠨ᠎ᠠ ᠪᠣᠯᠤᠨ 10 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠪᠡ᠃ | ᠲᠥᠯᠥᠭᠡᠯᠡᠭᠴᠢᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ | ᠠᠵᠢᠯ ᠢ ᠭᠦᠢᠴᠡᠳ ᠨᠤᠲᠠᠯᠠᠵᠤ᠂ ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠢᠷᠠᠭᠤᠯᠤᠯᠳᠠ ᠶᠢ ᠵᠥᠪᠰᠢᠶᠡᠷᠡᠵᠦ ᠪᠠᠶᠢᠬᠤ ᠪᠠᠨ ᠢᠯᠡᠳᠭᠡᠪᠡ᠃ | ᠬᠢᠨᠠᠨ ᠵᠥᠪᠯᠡᠬᠦ ᠳᠤᠮᠳᠠ᠂ ᠲᠥᠯᠥᠭᠡᠯᠡᠭᠴᠢᠳ ᠮᠡᠳᠡᠭᠦᠯᠦᠯᠳᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠵᠠᠷᠢᠮ ᠰᠠᠨᠠᠯ | ᠰᠠᠨᠠᠭᠤᠯᠭ᠎ᠠ ᠳᠤᠷᠠᠳᠴᠠᠢ᠃ ᠬᠤᠷᠢᠶᠠᠨ ᠳᠠᠷᠤᠭ᠎ᠠ ᠶᠢᠨ ᠬᠤᠷᠠᠯ ᠠᠴᠠ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠰᠤᠳᠤᠯᠵᠤ᠂ | ᠮᠡᠳᠡᠭᠦᠯᠦᠯᠳᠡ ᠳᠤ ᠵᠠᠰᠠᠪᠤᠷᠢ ᠣᠷᠣᠭᠤᠯᠪᠠ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠲᠥᠯᠥᠭᠡᠯᠡᠭᠴᠢᠳ ᠤᠨ ᠬᠢᠨᠠᠨ | ᠵᠥᠪᠯᠡᠭᠰᠡᠨ ᠰᠠᠨᠠᠯ ᠪᠣᠯᠤᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠦᠨᠳᠦᠰᠦᠯᠡᠵᠦ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠶᠢ ᠵᠥᠪᠰᠢᠶᠡᠷᠡᠬᠦ ᠶᠢ ᠰᠠᠨᠠᠭᠤᠯᠬᠤ ᠶᠢᠨ ᠵᠡᠷᠬᠡ ᠪᠠᠷ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢᠨ | ᠲᠥᠰᠦᠯ ᠢ ᠣᠷᠣᠯᠠᠨ ᠲᠤᠭᠤᠷᠪᠢᠪᠠ᠃ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢᠨ ᠲᠥᠰᠦᠯ ᠢ ᠡᠯ᠎ᠡ ᠲᠥᠯᠥᠭᠡᠯᠡᠭᠴᠢᠳ ᠤᠨ | ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | 3 ᠰᠠᠷ᠎ᠠ ᠶᠢᠨ 9 ᠤ ᠪᠦᠬᠦᠯᠢ ᠡᠳᠦᠷ ᠪᠣᠯᠣᠨ 10 ᠤ ᠦᠳᠡ ᠶᠢᠨ ᠡᠮᠦᠨ᠎ᠡ᠂ ᠡᠯ᠎ᠡ ᠲᠥᠯᠥᠭᠡᠯᠡᠭᠴᠢᠳ ᠤᠨ ᠪᠦᠯᠬᠦᠮ ᠠᠷᠠᠳ ᠤᠨ ᠳᠡᠭᠡᠳᠦ ᠰᠢᠭᠦᠬᠦ | ᠬᠤᠷᠢᠶ᠎ᠡ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ | ᠵᠦᠪᠯᠡᠪᠡ᠃ ᠲᠥᠯᠥᠭᠡᠯᠡᠭᠴᠢᠳ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠡ ᠶᠢᠨ ᠥᠩᠭᠡᠷᠡᠭᠰᠡᠨ ᠨᠢᠭᠡ | ᠵᠢᠯ ᠤᠨ ᠠᠵᠢᠯ ᠢ ᠭᠦᠢᠴᠡᠳ ᠨᠤᠲᠠᠯᠠᠵᠤ᠂ ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠣᠬᠢᠷᠠᠭᠤᠯᠤᠯᠲᠠ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠪᠡ | ᠃ ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠲᠥᠯᠥᠭᠡᠯᠡᠭᠴᠢᠳ ᠤᠨ ᠬᠢᠨᠠᠨ ᠵᠦᠪᠯᠡᠭᠰᠡᠨ ᠰᠠᠨᠠᠯ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ | ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠲᠡ ᠳᠤ ᠵᠠᠰᠠᠪᠤᠷᠢ ᠣᠷᠣᠭᠤᠯᠪᠠ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠠᠴᠠ | ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠠ ᠮᠡᠳᠡᠭᠦᠯᠦᠯᠲᠡ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠦᠨᠳᠦᠰᠦᠯᠡᠨ᠂ ᠠᠷᠠᠳ ᠤᠨ ᠳᠡᠭᠡᠳᠦ | ᠰᠢᠭᠦᠬᠦ ᠬᠤᠷᠢᠶ᠎ᠡ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠡ ᠶᠢᠨ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠬᠦ ᠶᠢ | ᠰᠠᠨᠠᠭᠤᠯᠬᠤ ᠶᠢᠨ ᠬᠠᠮᠲᠤ ᠠᠷᠠᠳ ᠤᠨ ᠳᠡᠭᠡᠳᠦ ᠰᠢᠭᠦᠬᠦ ᠬᠤᠷᠢᠶ᠎ᠡ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠡ ᠶᠢᠨ | ᠠᠵᠢᠯ ᠤᠨ ᠮᠡᠳᠡᠭᠦᠯᠦᠯᠲᠡ ᠶᠢᠨ ᠲᠤᠬᠠᠢ ᠬᠤᠶᠠᠷ ᠰᠶᠢᠳᠪᠦᠷᠢ ᠶᠢᠨ ᠲᠥᠰᠥᠯ ᠢ ᠣᠷᠣᠯᠠᠨ ᠲᠤᠭᠤᠷᠪᠢᠪᠠ᠃ ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ᠂ | ᠡᠨᠡ ᠬᠤᠶᠠᠷ ᠰᠶᠢᠳᠪᠦᠷᠢ ᠶᠢᠨ ᠲᠥᠰᠥᠯ ᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠵᠢᠶᠦ᠋ᠨ ᠴᠧᠨ ᠤ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠨᠠᠷᠢᠨ ᠪᠢᠴᠢᠭ ᠤᠨ ᠭᠠᠵᠠᠷ ᠤᠨ | ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠰᠶᠢᠳᠪᠦᠷᠢᠯᠡᠬᠦ ᠰᠠᠨᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠯᠢᠦ ᠵᠢᠶᠦ᠋ᠨ ᠴᠧᠨ᠂ | 3 ᠰᠠᠷ᠎ᠠ ᠶᠢᠨ 8 ᠤ 12 ᠴᠠᠭ ᠪᠣᠯᠲᠠᠯ᠎ᠠ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠨᠡᠶᠢᠲᠡ 269 ᠰᠠᠨᠠᠯ ᠵᠥᠪᠯᠡᠯᠭᠡ ᠶᠢ ᠬᠦᠯᠢᠶᠡᠨ ᠠᠪᠴᠦ᠂ | ᠡᠭᠦᠨ ᠳᠤ ᠲᠥᠯᠥᠭᠡᠯᠡᠭᠴᠢᠳ ᠤᠨ ᠪᠦᠯᠬᠦᠮ ᠤᠨ ᠳᠤᠷᠠᠳᠤᠭᠰᠠᠨ ᠰᠠᠨᠠᠯ ᠵᠥᠪᠯᠡᠯᠭᠡ 26᠂ 30 ᠠᠴᠠ ᠳᠡᠭᠡᠭᠰᠢ ᠲᠣᠭᠠᠨ ᠤ ᠲᠥᠯᠥᠭᠡᠯᠡᠭᠴᠢ ᠨᠡᠷ᠎ᠡ | ᠬᠤᠯᠪᠣᠨ ᠳᠤᠷᠠᠳᠤᠭᠰᠠᠨ ᠰᠠᠨᠠᠯ ᠵᠥᠪᠯᠡᠯᠭᠡ 243 ᠵᠦᠢᠯ ᠪᠤᠶ᠃ ᠡᠳᠡᠭᠡᠷ ᠰᠠᠨᠠᠯ ᠵᠥᠪᠯᠡᠯᠭᠡ ᠶᠢᠨ ᠳᠣᠲᠣᠷ᠎ᠠ ᠬᠠᠤᠯᠢ ᠲᠣᠭᠲᠠᠭᠠᠬᠤ ᠲᠠᠯ᠎ᠠ ᠳᠤ | ᠬᠤᠯᠪᠣᠭᠳᠠᠭᠰᠠᠨ ᠰᠠᠨᠠᠯ ᠵᠥᠪᠯᠡᠯᠭᠡ 268 ᠵᠦᠢᠯ ᠪᠤᠢ︔ ᠬᠢᠨᠠᠯᠲᠠ ᠲᠠᠯᠪᠢᠬᠤ ᠲᠠᠯ᠎ᠠ ᠳᠤ ᠬᠤᠯᠪᠣᠭᠳᠠᠭᠰᠠᠨ ᠰᠠᠨᠠᠯ ᠵᠥᠪᠯᠡᠯᠭᠡ 1 ᠵᠦᠢᠯ ᠪᠤᠢ᠃ | ᠠᠭᠤᠯᠭ᠎ᠠ ᠨᠢ ᠭᠤᠣᠯᠳᠠᠭᠤ᠄ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ ᠡᠷᠬᠡ | ᠮᠡᠳᠡᠵᠦ ᠡᠵᠡᠨ ᠰᠠᠭᠤᠬᠤ ᠶᠢ ᠪᠠᠲᠤᠯᠠᠬᠤ︔ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠷᠢᠨᠰᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠬᠦ︔ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ | ᠳᠡᠮᠵᠢᠬᠦ ᠪᠠᠶᠢᠭᠤᠯᠤᠯ ᠲᠣᠭᠲᠡᠴᠡ ᠶᠢ ᠪᠠᠶᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ | ᠲᠣᠭᠲᠡᠴᠡ ᠶᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︔ ᠨᠡᠶᠢᠭᠡᠮ ᠵᠢᠷᠤᠮ ᠤᠨ ᠰᠣᠶᠣᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠬᠠᠷᠢᠯᠴᠠᠨ ᠵᠣᠬᠢᠴᠠᠯᠳᠤᠭᠰᠠᠨ | ᠣᠳᠣᠬᠢᠴᠢᠯᠠᠯᠲᠠ ᠶᠢ ᠠᠬᠢᠭᠤᠯᠬᠤ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠳᠦᠷᠢᠮ ᠤᠨ ᠰᠢᠰᠲ᠋ᠧᠮ ᠢ ᠪᠦᠷᠢᠨᠰᠢᠭᠦᠯᠬᠦ︔ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠬᠦ︔ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠣᠨ ᠤᠯᠠᠨ ᠨᠡᠶᠢᠲᠡ ᠶᠢᠨ ᠠᠮᠤᠷ ᠲᠦᠪᠰᠢᠨ ᠤ | ᠵᠠᠰᠠᠯᠲᠠ ᠶᠢᠨ ᠲᠣᠭᠲᠡᠴᠡ ᠶᠢ ᠪᠦᠷᠢᠨᠰᠢᠭᠦᠯᠬᠦ︔ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ | ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠤᠭᠲᠠᠭᠠᠯᠲᠠ ᠶᠢ ᠪᠦᠷᠢᠨᠰᠢᠭᠦᠯᠬᠦ ᠳᠤ ᠲᠦᠪᠯᠡᠷᠡᠵᠤ ᠪᠠᠶᠢᠨ᠎ᠠ᠃ ᠶᠡᠭᠡ ᠬᠤᠷᠠᠯ ᠤᠨ ᠨᠠᠷᠢᠨ | ᠪᠢᠴᠢᠭ ᠤᠨ ᠭᠠᠵᠠᠷ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠨᠢᠭᠡᠳ ᠨᠢᠭᠡ ᠪᠠᠷ ᠨᠠᠷᠢᠨ ᠬᠢᠨᠠᠮᠠᠭᠠᠢ ᠵᠠᠳᠠᠯᠤᠨ ᠰᠤᠳᠤᠯᠤᠭᠠᠳ᠂ ᠲᠤᠰ | ᠤᠳᠠᠭᠠᠨ ᠤ ᠬᠤᠷᠠᠯ ᠤᠨ ᠬᠢᠨᠠᠨ ᠵᠦᠪᠯᠡᠬᠦ ᠵᠦᠢᠯ ᠳᠤ ᠣᠷᠣᠭᠤᠯᠬᠤ ᠴᠢᠬᠤᠯᠠᠲᠠᠢ ᠰᠠᠨᠠᠯ ᠵᠥᠪᠯᠡᠯᠭᠡ ᠪᠠᠶᠢᠬᠤ ᠦᠭᠡᠢ ᠭᠡᠵᠦ ᠦᠵᠡᠪᠡ᠃ ᠶᠡᠭᠡ ᠬᠤᠷᠠᠯ ᠤᠨ | ᠨᠠᠷᠢᠨ ᠪᠢᠴᠢᠭ ᠤᠨ ᠭᠠᠵᠠᠷ ᠠᠴᠠ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠦᠪᠯᠡᠯ ᠳᠤ ᠲᠤᠰ ᠲᠤᠰ ᠲᠤᠰᠢᠶᠠᠨ ᠥᠭᠴᠦ ᠬᠢᠨᠠᠨ ᠵᠦᠪᠯᠡᠭᠦᠯᠬᠦ ᠪᠠᠷ ᠰᠠᠨᠠᠭᠤᠯᠪᠠ᠃ ᠬᠤᠯᠪᠣᠭᠳᠠᠯ | ᠪᠥᠬᠦᠶ ᠲᠤᠰᠬᠠᠶ ᠵᠥᠪᠯᠡᠯ ᠠᠴᠠ ᠳᠡᠭᠡᠷ᠎ᠡ ᠳᠤᠷᠠᠳᠤᠭᠰᠠᠨ ᠰᠠᠨᠠᠯ ᠵᠥᠪᠯᠡᠯᠭᠡ ᠶᠢ ᠬᠢᠨᠠᠨ ᠵᠥᠪᠯᠡᠭᠰᠡᠨ ᠤ ᠳᠠᠷᠠᠭ᠎ᠠ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠲᠤᠰᠢᠶᠠᠵᠤ᠂ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠳᠠᠷᠤᠮᠠᠯᠯᠠᠨ | ᠲᠠᠷᠬᠠᠭᠠᠨ ᠦᠭᠬᠦᠨ᠎ᠠ᠃ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠵᠦᠪᠯᠡᠬᠦ ᠪᠠ | ᠬᠤᠯᠪᠣᠭᠳᠠᠯ ᠪᠦᠬᠦᠢ ᠠᠵᠢᠯ ᠤᠨ ᠲᠤᠬᠠᠢ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠤᠯᠢ | ᠲᠣᠭᠲᠠᠭᠠᠬᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ | ᠨᠢᠭᠡᠳᠭᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠠᠷᠰᠢ ᠰᠠᠭᠠᠳ ᠢ ᠠᠷᠢᠯᠭᠠᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠᠬᠢ | ᠬᠠᠤᠯᠢ ᠪᠠᠷ ᠵᠠᠰᠠᠬᠤ ᠶᠢᠨ ᠢᠳᠡᠪᠬᠢ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠎ᠠ︔ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ | ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ︔ ᠲᠥᠯᠥᠭᠡᠯᠡᠭᠴᠢᠳ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠬᠠᠤᠯᠢ ᠲᠣᠭᠲᠠᠭᠠᠬᠤ | ᠠᠵᠢᠯ ᠳᠤ ᠣᠷᠣᠯᠴᠠᠬᠤ ᠶᠢ ᠲᠠᠰᠤᠷᠠᠯᠲᠠ ᠦᠭᠡᠢ ᠥᠷᠭᠡᠳᠭᠡᠨ᠎ᠡ ᠭᠡᠵᠠᠢ᠃ | ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠰᠢᠢᠳᠪᠦᠷᠢᠯᠡᠬᠦ ᠰᠠᠨᠠᠯ ᠤᠨ ᠲᠤᠬᠠᠢ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠨᠠᠷᠢᠨ | ᠪᠢᠴᠢᠭ ᠤᠨ ᠭᠠᠵᠠᠷ ᠤᠨ ᠮᠡᠳᠡᠭᠦᠯᠦᠯᠲᠡ ᠶᠢ ᠪᠠᠲᠤᠯᠠᠪᠠ᠃ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ | ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ | ᠰᠢᠤᠸᠠᠶᠢᠺᠧᠯᠠᠶᠢᠲ᠋ᠢ · ᠵᠠᠺᠤᠯ᠂ ᠯᠢᠦ ᠴᠢ ᠬᠤᠷᠠᠯ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶ | |