ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ ᠸᠠᠩ ᠯᠢ ᠰᠢᠶᠠ ᠬᠤᠷᠠᠯ ᠢ ᠡᠷᠬᠢᠯᠡᠵᠤ ᠶᠠᠩ ᠵᠧᠨ ᠡᠤ ᠦᠭᠡ ᠬᠡᠯᠡᠵᠡᠢ | 3 ᠰᠠᠷ᠎ᠠ ᠶᠢᠨ 10 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠥᠬᠦᠳᠡ ᠬᠤᠷᠠᠯ ᠬᠢᠵᠦ | ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ | ᠦᠷᠭᠦᠯᠵᠢᠯᠡᠨ ᠬᠢᠨᠠᠨ ᠵᠥᠪᠯᠡᠪᠡ᠃ | | | | | | 3 ᠰᠠᠷ᠎ᠠ ᠶᠢᠨ 10 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠥᠬᠦᠳᠡ ᠬᠤᠷᠠᠯ ᠬᠢᠵᠦ | ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠤᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ | ᠦᠷᠭᠦᠯᠵᠢᠯᠡᠨ ᠬᠢᠨᠠᠨ ᠵᠥᠪᠯᠡᠪᠡ᠃ | ᠰᠤᠷᠪᠤᠯᠵᠢᠯᠠᠭᠴᠢ ᠮᠠ ᠵᠢᠶᠠᠨ ᠪᠢᠡᠭ ᠰᠡᠭᠦᠳᠡᠷᠯᠡᠪᠡ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠵᠤ᠂ ᠪᠦᠯᠬᠦᠮ ᠤᠨ ᠳᠡᠳ᠋ ᠳᠠᠷᠤᠭ᠎ᠠ ᠸᠠᠩ ᠯᠢ | ᠰᠢᠶᠠ ᠬᠤᠷᠠᠯ ᠢ ᠡᠷᠬᠢᠯᠡᠵᠤ᠂ ᠶᠠᠩ ᠵᠧᠨ ᠦ᠋ ᠵᠡᠷᠭᠡ ᠲᠥᠯᠥᠭᠡᠯᠡᠭᠴᠢ ᠦᠭᠡ ᠬᠡᠯᠡᠪᠡ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠪᠠ ᠶᠡᠭᠡ ᠬᠤᠷᠠᠯ ᠤᠨ ᠬᠤᠷᠠᠯ ᠰᠣᠨᠣᠰᠴᠤ ᠬᠠᠷᠢᠭᠤᠯᠲᠠ ᠥᠭᠬᠦ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ | ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃ | ᠶᠠᠩ ᠵᠧᠨ ᠦ᠋ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠳᠤ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ 2025 ᠣᠨ ᠤ ᠡᠭᠦᠷᠭᠡ ᠶᠢ ᠰᠢᠰᠲ᠋ᠧᠮ ᠲᠠᠢ ᠪᠥᠬᠦ ᠲᠠᠯ᠎ᠠ ᠪᠠᠷ | ᠪᠠᠶᠢᠷᠢᠯᠠᠭᠤᠯᠬᠤ ᠳᠠᠭᠠᠨ ᠭᠤᠤᠯᠳᠠᠯᠭ᠎ᠠ ᠶᠢ ᠲᠣᠪᠤᠶᠢᠯᠭᠠᠵᠤ᠂ ᠪᠣᠳᠠᠲᠠᠶ ᠶᠢ ᠡᠷᠬᠢᠮᠯᠡᠭᠰᠡᠨ ᠪᠦᠭᠡᠳ ᠬᠡᠷᠡᠭᠵᠢᠭᠦᠯᠵᠤ ᠪᠤᠯᠬᠤᠶᠢᠴᠠ ᠪᠠᠶᠢᠵᠤ᠂ ᠦᠵᠡᠯ | ᠰᠠᠨᠠᠭᠠᠨ ᠤ ᠲᠤᠭ ᠢ ᠥᠨᠳᠥᠷ ᠮᠠᠨᠳᠤᠭᠤᠯᠤᠭᠰᠠᠨ᠂ ᠠᠷᠠᠳ ᠲᠦᠮᠡᠨ ᠤ ᠵᠣᠭᠰᠣᠯᠲᠠ ᠶᠢ ᠪᠠᠲᠤᠳᠬᠠᠭᠰᠠᠨ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ | ᠢᠯᠡᠷᠡᠭᠦᠯᠦᠭᠰᠡᠨ ᠰᠠᠶᠢᠨ ᠮᠡᠳᠡᠭᠦᠯᠦᠯᠲᠡ ᠪᠣᠯᠵᠠᠶ᠃ 2024 ᠣᠨ ᠠᠴᠠ ᠨᠠᠭᠠᠰᠢᠬᠢ ᠠᠵᠢᠯ ᠳᠥᠷᠪᠡᠨ ᠲᠣᠪᠤᠶᠢᠮ᠎ᠠ ᠣᠨᠴᠠᠯᠢᠭ ᠲᠠᠢ᠄ ᠨᠢᠭᠡ ᠳᠤ᠂ | ᠤᠯᠤᠰ ᠲᠥᠷᠥ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠪᠡ︔ ᠬᠤᠶᠠᠷ ᠲᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠡᠵᠡᠨ | ᠰᠠᠭᠤᠵᠤ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ ᠪᠦᠷᠢᠨᠰᠢᠬᠦᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ | ᠬᠥᠭᠵᠢᠭᠦᠯᠪᠡ︔ ᠭᠤᠷᠪᠠ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠬᠠᠤᠯᠢ ᠪᠠᠷ ᠵᠠᠰᠠᠬᠤ ᠰᠡᠳᠭᠢᠬᠦᠢ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ︔ ᠳᠥᠷᠪᠡ ᠳᠤ᠂ | ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠨᠠᠷ ᠰᠠᠶᠢᠳᠠᠢ ᠠᠵᠢᠯ ᠢᠶᠠᠷ | ᠠᠵᠤ ᠠᠬᠤᠶ ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠪᠠ᠃ 2025 ᠣᠨ ᠳᠤ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ | ᠠᠵᠢᠯ ᠢ ᠰᠠᠶᠢᠲᠤᠷ ᠬᠢᠨ᠎ᠠ᠂ ᠨᠢᠭᠡ ᠳᠤ᠂ ᠠᠷᠠᠳ ᠤᠨ ᠠᠮᠢᠳᠤᠷᠠᠯ ᠤᠨ ᠬᠦᠷᠢᠶᠡᠨ ᠤ ᠬᠠᠤᠯᠢ ᠲᠣᠭᠲᠠᠭᠠᠬᠤ ᠪᠠ ᠬᠢᠨᠠᠯᠲᠠ ᠲᠠᠯᠪᠢᠬᠤ ᠠᠵᠢᠯ ᠢ | ᠦᠷᠭᠦᠯᠵᠢᠯᠡᠨ ᠴᠢᠩᠭᠠᠳᠬᠠᠨ᠎ᠠ︔ ᠬᠤᠶᠠᠷ ᠲᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠦᠳᠦᠯᠪᠦᠷᠢ ᠶᠢ ᠨᠠᠶᠢᠷᠠᠭᠤᠯᠤᠨ | ᠵᠣᠬᠢᠶᠠᠬᠤ ᠠᠵᠢᠯ ᠢ ᠰᠠᠶᠢᠲᠤᠷ ᠬᠢᠨ᠎ᠠ ᠭᠡᠵᠤ ᠬᠡᠯᠡᠪᠡ᠃ | ᠯᠢ ᠶᠦᠩ ᠵᠢᠶᠦ᠋ᠨ᠂ ᠵᠤᠸᠠᠩ ᠾᠧ᠂ ᠭᠦᠸᠧ ᠳ᠋ᠡ ᠶᠦᠩ᠂ ᠯᠢ ᠵᠥᠩ ᠽᠤᠩ᠂ ᠦ᠋ ᠵᠢᠩ᠂ ᠰᠢᠤᠸᠠᠢ ᡁᠢ ᠯᠦᠩ᠂ ᠶᠠᠨ ᠬᠤᠩ ᠸᠧᠶ᠂ ᠸᠠᠩ | ᠵᠣᠣ ᠮᠢᠩ᠂ ᠰᠢᠤᠢ ᠵᠢᠶᠠᠨ ᠰᠢᠩ᠂ ᠯᠢ ᠸᠤᠨ ᠯᠢᠩ᠂ ᠸᠠᠩ ᠵᠧᠨ᠂ ᠱᠢ ᠢᠦᠶ ᠳ᠋ᠦᠩ᠂ ᠴᠢ ᠢᠦᠶ ᠴᠢᠨ ᠵᠡᠷᠭᠡ ᠲᠥᠯᠥᠭᠡᠯᠡᠭᠴᠢ ᠲᠣᠰ ᠪᠡᠶ᠎ᠡ ᠶᠢᠨ | ᠠᠵᠢᠯ ᠤᠨ ᠪᠣᠳᠠᠲᠤ ᠪᠠᠶᠢᠳᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠩᠭᠡᠷᠡᠯᠲᠡ ᠲᠠᠢ ᠪᠠᠨ ᠤᠶᠠᠯᠳᠤᠭᠤᠯᠤᠨ ᠦᠭᠡ ᠬᠡᠯᠡᠭᠰᠡᠨ ᠪᠥᠭᠡᠳ | ᠠᠷᠠᠳ ᠤᠨ ᠠᠮᠢᠳᠤᠷᠠᠯ ᠤᠨ ᠬᠦᠷᠢᠶᠡᠨ ᠤ ᠬᠠᠤᠯᠢ ᠲᠣᠭᠲᠠᠭᠠᠬᠤ ᠠᠵᠢᠯ ᠢ ᠴᠢᠩᠭᠠᠳᠬᠠᠬᠤ᠂ ᠮᠥᠩᠭᠦᠨ ᠭᠦᠢᠯᠭᠡᠭᠡ ᠶᠢᠨ ᠵᠠᠭᠤᠷᠠᠯᠳᠤᠭᠠᠨ ᠢ ᠣᠯᠠᠨ | ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠬᠦ᠂ ᠰᠢᠭᠦᠨ ᠲᠠᠰᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠵᠠᠷᠭᠤ ᠶᠢ | ᠡᠬᠢ ᠰᠤᠷᠪᠤᠯᠵᠢ ᠠᠴᠠ ᠨᠢ ᠵᠠᠰᠠᠬᠤ ᠶᠢ ᠭᠦᠨᠵᠡᠭᠡᠶ ᠠᠬᠢᠭᠤᠯᠬᠤ᠂ ᠵᠠᠯᠠᠭᠤᠴᠤᠳ ᠪᠠᠭᠠᠴᠤᠳ ᠤᠨ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ | ᠰᠠᠶᠢᠲᠤᠷ ᠠᠳᠬᠤᠬᠤ᠂ ᠤᠨᠳᠤᠤ ᠭᠠᠵᠠᠷ ᠲᠤ ᠬᠠᠤᠯᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠬᠤ᠂ ᠨᠠᠰᠤᠨ ᠳᠤ ᠥᠯᠥ | ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃ |