1 ᠬᠤᠪᠢ ᠪᠦᠬᠦ ᠪᠦᠯᠬᠦᠮ ᠤᠨ ᠰᠠᠨᠠᠭᠤᠯᠭ᠎ᠠ 110 ᠬᠤᠪᠢ ᠲᠦᠯᠦᠭᠡᠯᠡᠭᠴᠢᠳ ᠤᠨ ᠲᠤᠷᠠᠳᠤᠬᠰᠡᠨ ᠰᠠᠨᠠᠭᠤᠯᠭ᠎ᠠ ᠶᠢ ᠲᠠᠪᠰᠢᠬᠦᠯᠵᠠᠢ | ᠶᠡᠭᠡ ᠬᠤᠷᠠᠯ ᠤᠨ ᠲᠤᠬᠢᠷᠠᠭᠤᠯᠤᠯᠳᠠ ᠶᠣᠰᠣᠭᠠᠷ᠂ 3 ᠰᠠᠷ᠎ᠠ ᠶᠢᠨ 10 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠰᠠᠭᠤᠭ᠎ᠠ ᠭᠠᠵᠠᠷ ᠲᠠᠭᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠠᠪᠤᠭᠤᠯᠵᠤ᠂ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡᠨ ᠤ | ᠥᠭᠦᠯᠡᠭᠴᠢ ᠬᠤᠤ ᠰᠦᠩ ᠱᠠᠨ ᠲᠥᠯᠥᠭᠡᠯᠡᠭᠴᠢᠳ ᠤᠨ ᠪᠦᠯᠬᠦᠮ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠨᠠᠶᠢᠳᠠ 57 ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰ ᠤᠳᠠᠭ᠎ᠠ ᠶᠢᠨ ᠬᠤᠷᠠᠯ ᠳᠤ ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ | ᠲᠥᠯᠥᠭᠡᠯᠡᠭᠴᠢᠳ ᠤᠨ ᠪᠦᠯᠬᠦᠮ ᠪᠥᠬᠦᠳᠡ ᠬᠤᠷᠠᠯ ᠢ 4 ᠤᠳᠠᠭ᠎ᠠ᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠬᠰᠡᠨ ᠬᠤᠷᠠᠯ ᠢ 8 ᠤᠳᠠᠭ᠎ᠠ | ᠲᠣᠬᠢᠷᠠᠭᠤᠯᠵᠤ᠂ ᠡᠯ᠎ᠡ ᠵᠦᠢᠯ ᠤᠨ ᠮᠡᠳᠡᠭᠦᠯᠦᠯᠲᠡ ᠪᠠ ᠰᠠᠨᠠᠯ ᠵᠥᠪᠯᠡᠯᠭᠡ ᠶᠢ ᠬᠢᠨᠠᠨ ᠵᠦᠪᠯᠡᠪᠡ᠃ ᠪᠦᠬᠦ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ | ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠭᠡᠨ᠂ ᠨᠠᠮ ᠪᠠ | ᠤᠯᠤᠰ ᠤᠨ ᠭᠤᠣᠯ ᠶᠡᠭᠡ ᠲᠠᠯ᠎ᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠪᠠ ᠦᠨᠳᠦᠰᠦᠨ ᠱᠠᠲᠤᠨ ᠤ ᠨᠢᠭᠡᠳᠤᠭᠡᠷ ᠹᠷᠣᠨᠲ ᠤᠨ | ᠬᠦᠰᠡᠯ ᠱᠠᠭᠠᠷᠳᠠᠯᠭ᠎ᠠ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠦᠷᠦ ᠶᠢᠨ | ᠪᠠᠶᠢᠭᠤᠯᠭ᠎ᠠ ᠶᠢᠨ ᠠᠵᠢᠯ ᠢ ᠦᠨᠡᠨ ᠢ ᠪᠠᠷᠢᠮᠲᠠᠯᠠᠨ ᠦᠨᠡᠯᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠪᠣᠳᠠᠲᠠᠢ | ᠠᠷᠭ᠎ᠠ ᠭᠠᠷᠭᠠᠵᠤ᠂ ᠰᠠᠶᠢᠨ ᠠᠷᠭ᠎ᠠ ᠪᠤᠳᠤᠯᠭ᠎ᠠ ᠳᠤᠷᠠᠳᠪᠠ᠃ | 3 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠯᠬᠦᠮ ᠳᠤᠭᠤᠶᠢᠯᠠᠩ ᠤᠨ | ᠨᠡᠭᠡᠭᠡᠯᠲᠡ ᠬᠢᠬᠦ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ 29 ᠳᠤᠮᠳᠠᠳᠤ | ᠭᠠᠳᠠᠭᠠᠳᠤ ᠶᠢᠨ ᠵᠠᠭᠤᠴᠢᠯᠠᠭᠤᠷ ᠤᠨ 57 ᠰᠤᠷᠪᠤᠯᠵᠢᠯᠠᠭᠴᠢ ᠬᠤᠷᠠᠯ ᠳᠤ ᠢᠷᠡᠵᠦ ᠰᠤᠷᠪᠤᠯᠵᠢᠯᠠᠨ᠂ 8 ᠲᠥᠯᠥᠭᠡᠯᠡᠭᠴᠢ ᠵᠠᠭᠤᠴᠢᠯᠠᠭᠤᠷ ᠤᠨ | ᠠᠩᠬᠠᠷᠤᠯ ᠤᠨ ᠲᠣᠭᠤᠷᠢᠨ ᠳᠤ ᠠᠰᠠᠭᠤᠯᠲᠠ ᠶᠢ ᠬᠠᠷᠢᠭᠤᠯᠵᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠤᠴᠠᠯᠲᠠ ᠥᠬᠡᠶ ᠤᠷᠤᠭᠰᠢᠯᠠᠨ ᠰᠢᠨ᠎ᠡ | ᠵᠠᠮ ᠨᠡᠭᠡᠭᠡᠵᠤ᠂ ᠳᠤᠮᠳᠠ ᠲᠦᠪᠰᠢᠨ ᠳᠤ ᠤᠷᠤᠬᠤ ᠰᠢᠨ᠎ᠡ ᠰᠣᠷᠭᠤᠭ ᠥᠯᠢᠭᠡᠷ ᠢ ᠶᠠᠷᠢᠵᠤ᠂ ᠥᠪᠥᠷ ᠮᠣᠩᠭᠤᠯ ᠤᠨ ᠬᠢᠯᠪᠠᠷ ᠪᠤᠰᠤ ᠪᠠᠷ ᠤᠯᠤᠬᠰᠡᠨ | ᠬᠥᠭᠵᠢᠯᠲᠡ ᠶᠢᠨ ᠠᠮᠵᠢᠯᠲᠠ ᠪᠦᠲᠦᠮᠵᠢ ᠪᠣᠯᠤᠨ ᠥᠷᠨᠢᠨ ᠬᠥᠭᠵᠢᠵᠦ ᠪᠠᠶᠢᠭ᠎ᠠ ᠬᠥᠭᠵᠢᠯᠲᠡ ᠶᠢᠨ ᠬᠠᠨᠳᠤᠰᠢ ᠶᠢ ᠭᠦᠢᠴᠡᠳ ᠢᠯᠡᠷᠡᠭᠦᠯᠪᠡ᠃ | ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠶᠡᠭᠡ ᠬᠤᠷᠠᠯ ᠳᠤ ︽ᠶᠡᠭᠡ ᠬᠡᠮᠵᠢᠶᠡᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢᠨ ᠣᠷᠴᠢᠯ | ᠠᠵᠤ ᠠᠬᠤᠶ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠲᠤᠬᠠᠶ︾ ᠭᠡᠬᠦ ᠪᠦᠯᠬᠦᠮ ᠤᠨ ᠰᠠᠨᠠᠭᠤᠯᠭ᠎ᠠ ᠶᠢ 1 ᠬᠤᠪᠢ ᠳᠡᠪᠰᠢᠭᠦᠯᠵᠦ᠂ ᠬᠥᠩᠭᠡᠨᠴᠠᠭᠠᠨ | ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ ᠤᠯᠤᠰ ᠤᠨ ᠬᠥᠩᠭᠡᠨᠴᠠᠭᠠᠨ ᠤ | ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠪᠠ᠃ ᠲᠥᠯᠥᠭᠡᠯᠡᠭᠴᠢᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠠᠭᠠᠷ ᠪᠤᠶᠤ ᠨᠡᠷ᠎ᠡ ᠬᠤᠯᠪᠣᠭᠠᠯᠠᠨ 110 ᠬᠤᠪᠢ ᠰᠠᠨᠠᠭᠤᠯᠭ᠎ᠠ ᠳᠤᠷᠠᠳᠪᠠ᠃ | ᠲᠥᠯᠥᠭᠡᠯᠡᠭᠴᠢᠳ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ | ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠥᠯᠥᠭᠡᠯᠡᠭᠴᠢ ᠶᠢᠨ ᠬᠠᠤᠯᠢ︾ ᠢᠢᠨ ᠲᠣᠭᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ | ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠪᠣᠯᠤᠨ ᠤᠯᠤᠰ ᠤᠨ | ᠠᠷᠠᠳ ᠣᠯᠠᠨ ᠲᠠᠢ ᠬᠠᠷᠢᠯᠴᠠᠬᠤ ᠬᠥᠭᠦᠷᠭᠡ ᠪᠣᠯᠵᠣ᠂ ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠭᠢᠯᠭᠡ ᠪᠣᠯᠤᠨ ᠪᠠᠲᠤ ᠴᠢᠩᠭ᠎ᠠ | ᠬᠠᠷᠢᠭᠤᠴᠠᠯᠭ᠎ᠠ ᠡᠭᠦᠷᠭᠡᠯᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠦ ᠰᠠᠨᠠᠯ ᠨᠢᠭᠡᠲᠡᠶ ᠢᠯᠡᠳᠭᠡᠵᠡᠭᠡᠪᠡ᠃ | |