ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2025/3/11
    ᠰᠢ ᠶᠢᠨ ᠫᠢᠩ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ    ᠸᠠᠩ  ᠬᠣ᠋ ᠨᠢᠩ ᠶᠠᠷᠢᠶ᠎ᠠ ᠲᠠᠯᠪᠢᠵᠠᠢ     ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃

6387728210725291036006016.png

    3 ᠰᠠᠷ᠎ᠠ ᠶᠢᠨ 10 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃

ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

6387728217216121466544829.png

    3 ᠰᠠᠷ᠎ᠠ ᠶᠢᠨ 10 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃

ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠲᠡᠭᠦᠰᠭᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢᠦ ᠸᠧᠶ ᠪᠢᠩ ᠰᠡᠭᠦᠳᠡᠷᠯᠡᠪᠡ

   ᠬᠤᠷᠠᠯ ᠢ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ ᠨᠢᠩ ᠡᠷᠬᠢᠯᠡᠪᠡ᠃ ᠪᠦᠬᠦ ᠤᠯᠤᠰ ᠤᠨ ᠤᠯᠤᠰ

ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂  ᠬᠣ᠋ ᠴᠦᠨ ᠬᠤᠸᠠ᠂ ᠱᠤᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂

ᠫᠠᠪᠠᠯᠠ · ᠭᠦ᠋ᠯᠤᠭ᠍ᠨᠠᠮᠵᠢᠯ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂  ᠰᠣ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ

ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ

ᠪᠥᠸᠧ ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃

ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃

    ᠦᠳᠡ ᠶᠢᠨ ᠡᠮᠦᠨᠡᠬᠢ 9 ᠴᠠᠭ ᠲᠤ ᠲᠡᠭᠦᠰᠭᠦ ᠬᠤᠷᠠᠯ ᠡᠬᠢᠯᠡᠪᠡ᠃ ᠸᠠᠩ  ᠬᠣ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ

2154 ᠬᠥᠮᠦᠨ ᠪᠤᠢ᠂ ᠪᠣᠳᠠᠲᠠᠢ ᠣᠷᠣᠯᠴᠠᠭᠰᠠᠨ ᠨᠢ 2082 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ

     ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ

ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ

ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ᠂

ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ

ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ

ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ

ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃

    ᠸᠠᠩ ᠬᠣ᠋ ᠨᠢᠩ ᠶᠠᠷᠢᠶᠠᠨ ᠳᠠᠭᠠᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ

ᠭᠤᠷᠪᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠭᠰᠠᠨ᠂ ᠦᠨᠡᠨ ᠢ

ᠪᠠᠷᠢᠮᠲᠠᠯᠠᠵᠤ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠨ ᠤᠷᠤᠭᠰᠢᠯᠠᠭᠰᠠᠨ ᠶᠡᠭᠡ ᠬᠤᠷᠠᠯ ᠪᠣᠯᠤᠨ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ

ᠢᠯᠡᠷᠬᠡᠢ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠮᠠᠨ ᠤ ᠤᠯᠤᠰ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ

ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ

ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠥᠷᠥ ᠶᠢᠨ

ᠤᠳᠤᠷᠢᠳᠬᠤ ᠨᠥᠬᠦᠳ ᠶᠡᠭᠡ ᠬᠤᠷᠠᠯ ᠤᠨ ᠡᠬᠢᠯᠡᠯᠳᠠ ᠶᠢᠨ ᠬᠤᠷᠠᠯ ᠪᠣᠯᠤᠨ ᠲᠡᠭᠦᠰᠭᠦ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ

ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠵᠡᠶ᠃ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠵᠠᠰᠠᠭ ᠤᠨ ᠣᠷᠳᠣᠨ ᠤ

ᠠᠵᠢᠯ ᠤᠨ ᠢᠯᠡᠳᠭᠡᠯ ᠪᠠ ᠪᠤᠰᠤᠳ ᠮᠡᠳᠡᠭᠦᠯᠦᠯᠳᠡ ᠶᠢ ᠨᠠᠷᠢᠨ ᠬᠢᠨᠠᠮᠠᠭᠠᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ

ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠨᠠᠷᠢᠨ

ᠬᠢᠨᠠᠮᠠᠭᠠᠢ ᠬᠢᠨᠠᠨ ᠵᠦᠪᠯᠡᠵᠦ᠂ ᠳᠦᠷᠦ ᠶᠢᠨ ᠶᠠᠪᠤᠳᠠᠯ ᠢ ᠵᠥᠪᠯᠡᠭᠰᠡᠨ ᠦᠯᠡᠮᠵᠢ ᠦᠷ᠎ᠡ ᠪᠦᠲᠦᠭᠡᠯ ᠤᠯᠪᠠ᠃ ᠤᠯᠤᠰ ᠲᠦᠷᠦ ᠶᠢᠨ ᠵᠥᠪᠯᠡᠯᠭᠡᠨ ᠤ ᠪᠦᠬᠦ

ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠪᠦᠬᠦ ᠨᠠᠮ ᠪᠦᠬᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ

ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠭᠠᠳ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠤᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ︔ ︽

ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ

ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠤᠯᠬᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠪᠠ

ᠭᠡᠵᠦ ᠰᠠᠨᠠᠯ ᠨᠢᠭᠡᠲᠡᠢ ᠢᠯᠡᠳᠭᠡᠵᠡᠬᠡᠪᠡ᠃

ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂

ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠡᠬᠦ

ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠬᠥᠮᠦᠨ ᠤ ᠰᠡᠳᠭᠢᠯ ᠢ ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠣᠶᠤᠨ

ᠤᠬᠠᠭᠠᠨ ᠢ ᠨᠢᠭᠲᠠᠷᠠᠭᠤᠯᠬᠤ᠂ ᠬᠦᠴᠦᠨ ᠢᠶᠠᠨ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠮᠤᠭ ᠤᠨ ᠥᠷᠭᠡᠨ ᠳᠡᠯᠭᠡᠷ

ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂

ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ

ᠪᠠᠶᠢᠭᠤᠯᠤᠮᠵᠢ ᠪᠣᠯᠬᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂

ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ

ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ

ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ  ᠶᠢ ᠨᠡᠩ ᠰᠠᠶᠢᠲᠤᠷ ᠡᠭᠦᠷᠭᠡᠯᠡᠬᠦ

ᠬᠡᠷᠡᠭᠲᠡᠢ ᠭᠡᠵᠦ ᠢᠯᠡᠳᠭᠡᠪᠡ᠃

    ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ

ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ

ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠭᠢᠯ

ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ

ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ

ᠲᠡᠮᠡᠴᠡᠵᠡᠭᠡᠶ᠎ᠡ ᠭᠡᠵᠦ ᠢᠯᠡᠳᠭᠡᠪᠡ᠃

    ᠲᠡᠭᠦᠰᠭᠦ ᠬᠤᠷᠠᠯ ᠳᠤ ᠣᠷᠣᠯᠴᠠᠭᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ

ᠭᠠᠨ ᠵᠢᠶᠤ᠂ ᠯᠢ ᠱᠦ ᠯᠸᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠵᠢᠤ ᠰᠢᠶᠠ᠂ ᠵᠠᠩ ᠭᠦᠸᠧ ᠴᠢᠩ᠂ ᠴᠧᠨ ᠸᠤᠨ ᠴᠢᠩ

᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠤᠤ ᠬᠤᠩ᠂ ᠸᠠᠩ ᠳ᠋ᠦᠩ

ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂

  ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠡᠦ ᠵᠧᠩ ᠯᠦᠩ᠂ ᠱᠧᠨ ᠢ ᠴᠢᠨ᠂ ᠵᠠᠩ ᠵᠢᠶᠦ᠋ᠨ᠂

ᠵᠢᠩ ᠶᠦᠡᠭ ᠨᠠᠷ ᠪᠤᠢ᠃

     ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ  ᠬᠤᠷᠢᠶ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠭᠦ

ᠬᠤᠷᠠᠯ ᠳᠤ ᠰᠤᠯᠠ ᠣᠷᠣᠯᠴᠠᠵᠠᠢ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ

ᠬᠠᠷᠢᠶᠠᠲᠤ ᠨᠠᠷ ᠤᠷᠢᠯᠭ᠎ᠠ ᠪᠠᠷ ᠲᠡᠭᠦᠰᠭᠦ ᠬᠤᠷᠠᠯ ᠳᠤ ᠣᠷᠣᠯᠴᠠᠪᠠ᠃

    ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠴᠠᠢ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ