3 ᠰᠠᠷ᠎ᠠ ᠶᠢᠨ 10 ᠤ ᠡᠳᠦᠷ᠂ ᠤᠷᠠᠳ ᠤᠨ ᠡᠮᠦᠨᠡᠲᠦ ᠬᠤᠰᠢᠭᠤ 2025 ᠣᠨ ᠤ ᠳᠡᠭᠡᠷ᠎ᠡ ᠬᠠᠭᠠᠰ ᠵᠢᠯ ᠳᠤ ᠴᠡᠷᠢᠭ ᠲᠤ ᠡᠯᠰᠡᠬᠦ ᠬᠤᠷᠠᠯ | ᠬᠤᠷᠠᠯᠳᠤᠪᠠ᠃ ᠪᠠᠶᠠᠨᠨᠠᠭᠤᠷ ᠤᠨ ᠴᠡᠷᠢᠭ ᠤᠨ ᠬᠤᠪᠢᠶᠠᠷᠢ ᠲᠣᠭᠤᠷᠢᠭ ᠤᠨ ᠳᠠᠶᠢᠴᠢᠯᠠᠯᠲᠠ ᠶᠢᠨ ᠭᠠᠵᠠᠷ ᠤᠨ ᠬᠤᠷᠠᠩᠳᠠ ᠳᠠᠷᠤᠭ᠎ᠠ ᠵᠣᠣ ᠡᠤ ᠵᠧᠤ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠢᠶᠠᠨ ᠴᠢᠶᠣᠤ ᠬᠤᠩ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠥᠷᠥ ᠶᠢᠨ ᠭᠡᠰᠢᠭᠦᠨ ᠶᠠᠩ | ᠶᠦᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠳᠠᠷᠤᠭ᠎ᠠ ᠵᠠᠩ ᠶᠦᠨ ᠬᠤᠷᠠᠯ ᠳᠤ ᠣᠷᠣᠯᠴᠠᠪᠠ᠃ | ᠬᠤᠷᠠᠯ ᠠᠴᠠ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠬᠢᠨᠠᠨ ᠵᠥᠪᠰᠢᠶᠡᠷᠡᠵᠦ ᠴᠡᠷᠢᠭ ᠲᠣᠭᠲᠠᠭᠠᠬᠤ ᠬᠤᠯᠪᠣᠭᠳᠠᠯ ᠪᠦᠬᠦᠢ ᠲᠣᠭᠲᠠᠭᠠᠯ ᠢ | ᠰᠤᠷᠤᠯᠴᠠᠵᠤ᠂ ᠭᠤᠣᠯ ᠪᠠᠶᠢᠴᠠᠭᠠᠯᠲᠠ᠂ ᠤᠯᠤᠰ ᠲᠦᠷᠦ ᠶᠢᠨ ᠰᠢᠯᠭᠠᠯᠲᠠ ᠪᠠ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠭᠰᠠᠨ ᠵᠡᠷᠭᠡ ᠪᠠᠶᠢᠳᠠᠯ ᠢ | ᠨᠡᠶᠢᠲᠡᠯᠡᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠤᠷᠢᠳᠴᠢᠯᠠᠨ ᠲᠣᠭᠲᠠᠭᠠᠭᠰᠠᠨ ᠴᠡᠷᠢᠭ ᠤᠨ ᠨᠡᠷᠡᠰ ᠢ ᠪᠠᠲᠤᠯᠠᠪᠠ᠃ | ᠬᠤᠷᠠᠯ ᠠᠴᠠ᠂ ᠴᠡᠷᠢᠭ ᠡᠯᠰᠡᠬᠦ ᠠᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ᠡᠬᠢ ᠰᠤᠷᠪᠤᠯᠵᠢ ᠶᠢᠨ ᠢᠨᠵᠧᠨᠧᠷᠢᠩ᠂ ᠰᠠᠭᠤᠷᠢ ᠢᠨᠵᠧᠨᠧᠷᠢᠩ ᠪᠣᠯᠤᠨ᠎ᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠩ ᠥᠨᠳᠥᠷ | ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠴᠡᠷᠢᠭ ᠡᠯᠰᠡᠬᠦ ᠠᠵᠢᠯ ᠢ ᠪᠠᠲᠤᠯᠠᠬᠤ ᠬᠡᠷᠡᠭᠲᠡᠶ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠡᠷᠢᠭ ᠡᠯᠰᠡᠬᠦ ᠶᠢ ᠠᠳᠬᠤᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠴᠡᠷᠢᠭ ᠡᠯᠰᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠢ ᠰᠠᠬᠢᠵᠤ ᠴᠡᠷᠢᠭ | ᠡᠯᠰᠡᠬᠦ ᠠᠵᠢᠯ ᠢ ᠠᠳᠬᠤᠵᠤ᠂ ᠠᠷᠢᠭᠤᠨ ᠴᠢᠬᠡᠴᠢ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠠᠵᠢᠯ ᠤᠨ ᠰᠤᠷᠲᠠᠯ | ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |