ᠨᠠᠮ ᠤᠨ ᠲᠥᠪ ᠬᠤᠷᠢᠶᠠᠨ ᠤ ᠦᠨᠳᠦᠰᠦᠲᠡᠨ ᠤ ᠪᠦᠯᠬᠦᠮᠳᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠨ ᠨᠠᠶᠢᠳᠠᠪᠤᠷᠢᠵᠢᠭᠤᠯᠵᠤ᠂ ᠪᠠᠭ᠎ᠠ ᠰᠢᠬᠡᠲᠡᠢ ᠪᠠᠯᠭᠠᠰᠤᠨ ᠤ ᠣᠯᠠᠨ ᠲᠦᠮᠡᠨ ᠤ | ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠨᠠᠭᠰᠢᠳᠠ ᠴᠢᠩᠭᠠᠳᠬᠠᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ | ᠲᠥᠯᠥᠭᠡ᠂ ᠤᠢᠢᠷ᠎ᠠ ᠶᠢᠨ ᠬᠤᠭᠤᠴᠠᠭᠠᠨ ᠳᠤ᠂ ᠲᠣᠰ ᠪᠠᠯᠭᠠᠰᠣ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠪᠠ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠮᠣᠨ ᠤ ᠠᠵᠢᠯᠲᠠᠨ ᠠᠴᠠ ᠤᠯᠠᠨ ᠳᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠲᠦᠷᠢᠮ︾ ᠢ ᠨᠠᠷᠢᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ | ᠦᠢᠯᠡᠳᠦᠯ ᠢ ᠴᠢᠬᠤᠯᠠᠴᠢᠯᠠᠵᠤ᠂ ᠪᠦᠬᠦ ᠪᠠᠯᠭᠠᠰᠤᠨ ᠤ ᠤᠯᠠᠨ ᠲᠦᠮᠡᠨ ᠢ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ | ᠬᠠᠮᠲᠤᠪᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠠ ᠦᠵᠡᠭᠦᠯᠬᠦ ᠪᠠᠯᠭᠠᠰᠤ ᠶᠢ ᠬᠠᠮᠲᠤᠪᠠᠷ ᠴᠢᠷᠮᠠᠶᠢᠨ ᠪᠦᠳᠦᠬᠡᠨ ᠪᠠᠶᠢᠭᠤᠯᠬᠤ ᠶᠢ | ᠤᠷᠢᠶᠠᠯᠠᠪᠠ᠃ ᠤᠬᠠᠭᠤᠯᠭ᠎ᠠ ᠳᠤ ᠪᠠᠰᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠲᠦᠷᠦ ᠶᠢᠨ ᠪᠤᠳᠤᠯᠭ᠎ᠠ ᠪᠣᠯᠤᠨ ᠬᠠᠪᠰᠤᠷᠤᠨ | ᠲᠡᠳᠬᠦᠬᠦ ᠲᠣᠭᠲᠠᠴᠠ ᠶᠢ ᠲᠠᠶᠢᠯᠪᠤᠷᠢᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠲᠠᠯ᠎ᠠ ᠶᠢᠨ ᠲᠡᠳᠬᠦᠨ ᠳᠡᠮᠵᠢᠬᠦ | ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠤ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠮᠡᠳᠡᠬᠦ᠂ ᠲᠦᠷᠦ ᠶᠢᠨ ᠪᠤᠳᠤᠯᠭ᠎ᠠ ᠶᠢ ᠰᠠᠶᠢᠲᠤᠷ | ᠬᠡᠷᠡᠭᠯᠡᠬᠦ ᠶᠢ ᠪᠠᠲᠣᠯᠠᠪᠠ᠃ ᠲᠤᠬᠠᠢ ᠶᠢᠨ ᠲᠠᠯᠠᠪᠠᠢ ᠳᠤ ᠪᠠᠰᠠ ᠤᠯᠠᠨ ᠲᠦᠮᠡᠨ ᠳᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠦᠷᠦ ᠶᠢᠨ ᠪᠤᠳᠤᠯᠭ᠎ᠠ ᠶᠢᠨ | ᠲᠤᠬᠠᠢ ᠮᠠᠳᠠᠭ ᠲᠠᠢ ᠠᠰᠠᠭᠤᠯᠲᠠ ᠳᠤ ᠬᠠᠷᠢᠭᠤᠯᠵᠤ ᠥᠭᠴᠡᠢ᠃ | ᠳᠠᠷᠠᠭᠠᠴᠢ ᠶᠢᠨ ᠠᠯᠬᠤᠮ ᠳᠤ᠂ ᠪᠠᠭ᠎ᠠ ᠰᠢᠬᠡᠲᠡᠢ ᠪᠠᠯᠭᠠᠰᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠣᠨ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠪᠣᠳᠠᠲᠠᠢ ᠨᠠᠷᠢᠯᠢᠭ ᠬᠢᠵᠦ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠪᠣᠯᠤᠨ | ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠪᠣᠯᠤᠨ ᠦᠨᠳᠦᠰᠦᠲᠡᠨ ᠤ ᠪᠦᠯᠬᠦᠮᠳᠡᠯ ᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ |