ᠣᠷᠠᠳ ᠤᠨ ᠡᠮᠦᠨᠡᠲᠤ ᠬᠤᠰᠢᠭᠤᠨ ᠤ ᠮᠣᠨᠠ ᠠᠭᠤᠯᠠ ᠪᠠᠯᠭᠠᠰᠣᠨ ᠤ ᠷᠦᠢ ᠲᠠᠢ ᠨᠡᠶᠢᠭᠡᠮ ᠲᠣᠭᠤᠷᠢᠭ  ᠦᠨᠳᠣᠰᠣᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠣᠷᠣᠯᠳᠣᠭᠠᠨ  ᠦᠷᠨᠢᠬᠦᠯᠪᠡ
ᠨᠡᠶᠢᠲᠡᠯᠡᠭᠰᠡᠨ ᠴᠠᠭ᠄
2025/3/12
    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠬᠦᠯᠬᠦ ᠶᠢᠨ ᠲᠦᠯᠦᠭᠡ᠂ ᠣᠶᠢᠷ᠎ᠠ ᠳᠤ ᠂ ᠮᠣᠨᠠ ᠠᠭᠤᠯᠠ ᠪᠠᠯᠭᠠᠰᠣᠨ ᠤ ᠷᠦᠢ ᠲᠠᠢ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠣᠷᠣᠯᠳᠣᠭᠠᠨ ᠦᠷᠨᠢᠬᠦᠯᠪᠡ᠃    ᠣᠷᠣᠯᠳᠣᠭᠠᠨ ᠨᠢ ᠵᠠᠪᠳᠤᠨ ᠬᠠᠷᠢᠭᠤᠯᠬᠤ ᠬᠡᠯᠪᠡᠷᠢ ᠪᠠᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠵᠡᠷᠭᠡ ᠶᠢᠨ ᠲᠣᠭᠤᠷᠢᠨ ᠳᠤ ᠶᠠᠪᠣᠭᠳᠠᠭᠤᠯᠣᠨ᠂ ᠲᠤᠬᠠᠶ ᠶᠢᠨ ᠲᠠᠯᠠᠪᠤᠷ ᠤᠨ ᠬᠦᠮᠦᠰ ᠢᠳᠡᠪᠬᠢᠲᠡᠶ ᠪᠠᠷ ᠬᠠᠷᠢᠭᠤᠯᠲᠠ ᠳᠤ ᠣᠷᠣᠯᠴᠠᠵᠠᠭᠠᠪᠠ᠃ ︽ᠥᠨᠥᠳᠦᠷ ᠤᠨ ᠠᠵᠢᠯᠯᠠᠭ᠎ᠠ ᠮᠠᠰᠢ ᠰᠠᠶᠢᠬᠠᠨ ᠪᠣᠯᠤᠯ᠎ᠠ᠂ ᠶᠡᠭᠡ ᠣᠯᠤᠯᠲᠠ ᠲᠠᠢ᠂ ᠪᠢᠳᠡ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠥᠬᠦᠶ ᠮᠡᠳᠡᠯᠭᠡ ᠶᠢ ᠮᠠᠰᠢ ᠣᠯᠠᠨ ᠣᠯᠵᠤ ᠰᠤᠷᠴᠠᠶ︾ ᠬᠡᠮᠡᠨ ᠣᠳᠬᠠᠨᠰᠠᠸ᠎ᠠ ᠪᠠᠶᠠᠷᠲᠠᠶ ᠶᠠᠷᠢᠨ᠎ᠠ᠃    ᠲᠤᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠳᠬᠠᠬᠤ ᠶᠢᠨ ᠵᠣᠷᠢᠯᠭ᠎ᠠ ᠠᠴᠠ ᠦᠷᠨᠢᠬᠦᠯᠦᠭᠰᠡᠨ ᠶᠣᠮ᠃ ᠳᠠᠷᠠᠭᠠᠴᠢ ᠶᠢᠨ ᠠᠯᠬᠤᠮ ᠳᠤ᠂ ᠲᠣᠰ ᠨᠡᠶᠢᠭᠡᠮ ᠲᠣᠭᠤᠷᠢᠭ ᠲᠠᠰᠤᠷᠠᠯᠲᠠ ᠦᠭᠡᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠳᠠᠭᠤᠨ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠤᠯᠠᠮᠵᠢᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ