ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠭᠡᠵᠢᠩ ᠳᠤ ᠲᠡᠭᠦᠰᠪᠡ
ᠨᠡᠶᠢᠲᠡᠯᠡᠭᠰᠡᠨ ᠴᠠᠭ᠄
2025/3/12
    ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠪᠦᠬᠦ ᠤᠯᠣᠰ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠬᠦᠯᠦᠯᠳᠠ ᠵᠡᠷᠭᠡ ᠶᠢ ᠵᠥᠪᠰᠢᠶᠡᠷᠡᠪᠡ    ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠪᠠᠲᠤᠯᠠᠵᠤ ᠰᠢ ᠶᠢᠨ ᠫᠢᠩ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠵᠠᠢᠰᠢ ᠶᠢᠨ ᠫᠢᠩ ᠯᠢ ᠴᠢᠶᠠᠩ ᠸᠠᠩ ᠬᠣ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠡᠷ ᠲᠡᠷᠢᠭᠦᠯᠡᠭᠴᠢᠤᠨ ᠤᠨ ᠲᠠᠶᠢᠰᠠᠨ ᠳᠤ ᠰᠠᠭᠠᠲᠠᠪᠠ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ 11 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ᠃ ᠶᠡᠭᠡ ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ 45 ᠳ᠋ᠤᠭᠠᠷ
ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠪᠡ᠃6387738409508291554652224.png
     3 ᠰᠠᠷ᠎ᠠ ᠶᠢᠨ 11 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠨᠠᠮ ᠪᠠ ᠳᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠴᠢᠶᠠᠩ᠂ ᠸᠠᠩ ᠬᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠠ    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠠᠶᠢᠳᠠᠯᠭ᠎ᠠ ᠪᠠᠷ ᠲᠡᠭᠦᠰᠭᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠮᠢᠩ᠂ ᠰᠢᠶᠤᠤ ᠵᠢᠶᠤ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ  ᠹᠧᠩ᠂ ᠾᠧ ᠸᠧᠢ᠂ ᠦ᠋ ᠸᠧᠢ ᠬᠤᠸᠠ᠂ ᠲᠢᠶᠤ ᠨᠢᠩ᠂  ᠫᠧᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠰᠢᠤᠸᠠᠶᠢᠺᠤᠯᠠᠶᠢᠲ᠋ᠢ · ᠵᠠᠺᠤᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃    ᠰᠢ ᠶᠢᠨ ᠫᠢᠩ᠂ ᠯᠢ ᠴᠢᠶᠠᠩ᠂ ᠸᠠᠩ ᠬᠣ᠋‌ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 2929 ᠬᠥᠮᠦᠨ ᠪᠠᠶᠢᠵᠤ᠂ 2884 ᠬᠥᠮᠦᠨ ᠣᠷᠣᠯᠴᠠᠵᠤ᠂ 45 ᠬᠥᠮᠦᠨ ᠣᠷᠣᠯᠴᠠᠭᠰᠠᠨ ᠦᠭᠡᠢ᠂ ᠬᠤᠷᠠᠯ ᠳᠤ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠠᠢ᠃   ᠦᠳᠡ ᠶᠢᠨ ᠬᠤᠶᠢᠨᠠᠬᠢ 3 ᠴᠠᠭ ᠲᠤ ᠯᠢ ᠬᠤᠩ ᠵᠥᠩ ᠬᠤᠷᠠᠯ ᠡᠬᠢᠯᠡᠭᠰᠡᠨ ᠢ ᠵᠠᠷᠯᠠᠪᠠ᠃    ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ᠃ ᠰᠢᠢᠳᠪᠦᠷᠢ ᠳᠤ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠭᠡᠯ ᠳᠤ ᠳᠤᠷᠠᠳᠤᠭᠰᠠᠨ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠣᠯᠤᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠲᠤᠰ ᠢᠯᠡᠳᠭᠡᠯ ᠢ ᠵᠥᠪᠰᠢᠶᠡᠷᠡᠬᠦ ᠪᠠᠷ ᠲᠣᠭᠲᠠᠵᠠᠢ ᠭᠡᠵᠤ ᠵᠢᠭᠠᠵᠤ ᠭᠠᠷᠭᠠᠪᠠ᠃ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠪᠠᠲᠤᠯᠠᠪᠠ᠃ 2025 ᠣᠨ ᠤ 3 ᠰᠠᠷ᠎ᠠ ᠶᠢᠨ 12 ᠤᠨ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠲᠣᠭᠲᠠᠪᠠ᠃ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢ ᠲᠣᠭᠲᠠᠭᠠᠯ ᠢ ᠦᠨᠳᠦᠰᠦᠯᠡᠨ ᠵᠣᠬᠢᠴᠠᠩᠭᠤᠢ ᠪᠠᠷ ᠵᠠᠰᠠᠭᠠᠳ ᠲᠡᠬᠢᠵᠦ ᠨᠡᠶᠢᠲᠡᠯᠡᠨ᠎ᠡ᠃    ᠬᠤᠷᠠᠯ ᠠᠴᠠ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠪᠡ︔ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2025 ᠣᠨ ᠤ ᠲᠥᠪ ᠤᠨ ᠲᠥᠰᠦᠪ ᠢ ᠵᠥᠪᠰᠢᠶᠡᠷᠡᠪᠡ᠃ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠭᠡᠯ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠢᠯᠡᠳᠭᠡᠯ ᠢ ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠢᠳᠪᠦᠷᠢ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠵᠤ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ᠃    ᠳᠠᠷᠠᠭ᠎ᠠ ᠨᠢ ᠯᠢ ᠬᠤᠩ ᠵᠦᠩ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠨᠢ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠵᠠᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠦᠰᠡᠷ ᠬᠦᠨᠳᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠲᠣᠰ ᠤᠳᠠᠭ᠎ᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠢᠶᠠᠷ ᠡᠬᠢᠯᠡᠭᠦᠯᠭᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠲᠦᠷᠦᠭᠦᠯᠡᠨ ᠡᠭᠦᠳᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠪᠢᠳᠡ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠲᠥᠰᠥᠪ ᠢ ᠲᠣᠭᠲᠠᠭᠠᠵᠤ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠲᠣᠭᠲᠠᠭᠰᠠᠨ ᠠᠵᠢᠯᠯᠠᠭᠠᠨ ᠤ ᠬᠥᠲᠥᠯᠪᠦᠷᠢ᠂ ᠪᠠᠶᠢᠯᠳᠤᠬᠤ ᠪᠣᠳᠣᠯᠭ᠎ᠠ ᠶᠢᠨ ᠰᠶᠢᠳᠪᠦᠷᠢᠲᠦ ᠪᠣᠳᠣᠯᠭ᠎ᠠ᠂ ᠠᠵᠢᠯ ᠤᠨ ᠪᠠᠶᠢᠷᠢᠯᠠᠭᠤᠯᠤᠯᠲᠠ ᠪᠠᠨ ᠯᠠᠪᠳᠠᠭᠤᠨ ᠪᠠᠲᠤᠲᠠᠢ ᠪᠣᠳᠠᠲᠠᠶᠢᠵᠢᠭᠤᠯᠬᠤ ᠬᠡᠷᠡᠭᠲᠡᠢ᠃ ᠪᠢᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠪᠡ᠃    ᠦᠳᠡ ᠶᠢᠨ ᠬᠤᠶᠢᠨᠠᠬᠢ 3 ᠴᠠᠭ 30 ᠮᠢᠨᠦ᠋ᠲ ᠲᠤ ᠯᠢ ᠬᠤᠩ ᠵᠥᠩ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠦᠰᠪᠡ ᠭᠡᠵᠦ ᠨᠡᠶᠢᠲᠡᠯᠡᠵᠡᠢ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠦᠨᠳᠦᠷᠯᠡᠪᠡ᠃    ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠰᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠣ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ ᠵᠢᠦ ᠰᠢᠶᠠ᠂ ᠵᠠᠩ ᠭᠦᠸᠧ ᠴᠢᠩ᠂ ᠴᠧᠨ ᠸᠤᠨ ᠴᠢᠩ᠂ ᠴᠧᠨ ᠵᠶᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠵᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠵᠢᠩ᠂ ᠪᠠᠭᠠᠲᠤᠷ᠂  ᠰᠣ᠋ ᠬᠤᠶ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂  ᠵᠣ᠋ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠨᠠᠷ ᠪᠤᠢ᠃     ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠬᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠭᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃    ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠣᠨᠣᠰᠪᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ