ᠤᠷᠠᠳ ᠤᠨ ᠡᠮᠦᠨᠡᠲᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠵᠤ ᠬᠥᠭᠵᠢᠯᠲᠡ ᠶᠢ ᠲᠠᠰᠣᠷᠠᠯᠲᠠ ᠦᠬᠡᠢ ᠠᠬᠢᠭᠤᠯᠵᠤ ᠪᠠᠶᠢᠨ᠎ᠠ᠃ | ᠨᠢᠭᠡ ᠳᠤ᠂ ᠨᠠᠮ ᠡᠪᠯᠡᠯ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠪᠠᠶᠠᠯᠢᠭᠵᠢᠭᠤᠯᠵᠤ᠂ ᠪᠠᠶᠢᠭᠤᠯᠭ᠎ᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠪᠠ᠃ | ᠲᠣᠰ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠰᠤᠷᠲᠠᠯ ᠢᠶᠠᠨ ᠬᠤᠪᠢᠷᠠᠭᠤᠯᠬᠤ ᠪᠠᠷ ᠴᠢᠬᠤᠯᠠ ᠭᠠᠷᠳᠠᠴᠠ ᠪᠣᠯᠭᠠᠨ 2024 ᠣᠨ ᠳᠤ ᠨᠠᠮ ᠤᠨ ᠡᠳᠦᠷ ᠤᠨ ᠭᠤᠣᠯ ᠰᠡᠳᠦᠪᠲᠦ | ᠠᠵᠢᠯᠯᠠᠭ᠎ᠠ ᠶᠢ ᠭᠤᠴᠢ ᠭᠠᠷᠤᠢ ᠤᠳᠠᠭ᠎ᠠ ᠦᠷᠨᠢᠬᠦᠯᠦᠨ ᠺᠠᠳ᠋ᠷ ᠠᠵᠢᠯᠳᠠᠨ ᠠᠵᠢᠯᠴᠢᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠪᠣᠯᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠪᠦᠬᠦ ᠺᠠᠳ᠋ᠷ ᠠᠵᠢᠯᠳᠠᠨ ᠠᠵᠢᠯᠴᠢᠨ ᠤ | ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠲᠠᠰᠤᠷᠠᠯᠳᠠ ᠦᠭᠡᠢ ᠴᠢᠩᠭᠠᠳᠬᠠᠪᠠ᠃ | ᠬᠤᠶᠠᠷ ᠲᠤ᠂ ᠲᠣᠪᠴᠢᠶ᠎ᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠢᠯ ᠤᠨ ᠠᠮᠢᠵᠢᠷᠠᠯ ᠤᠨ ᠬᠦᠴᠦᠨ ᠢ ᠬᠦᠭᠵᠢᠬᠡᠪᠡ᠃ ᠠᠯᠪᠠᠨ | ᠠᠵᠢᠯ ᠤᠨ ᠪᠡᠯᠡᠳᠬᠡᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠨᠣᠮ ᠤᠨ ᠥᠷᠥᠭᠡ ᠶᠢ ᠪᠠᠶᠢᠭᠤᠯᠬᠤ᠂ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠰᠣᠶᠣᠯ ᠢ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠥᠭᠡᠷᠡᠴᠢᠯᠡᠵᠦ᠂ ᠠᠵᠢᠯᠳᠠᠨ ᠠᠵᠢᠯᠴᠢᠨ ᠤ ᠬᠡᠪ | ᠴᠢᠨᠠᠷ ᠢ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ | ᠰᠣᠶᠣᠯ ᠤᠨ ᠲᠤᠯᠭᠠᠭᠤᠷᠢᠯᠠᠯ ᠬᠠᠩᠭᠠᠪᠠ᠃ | ᠭᠤᠷᠪᠠ ᠳᠤ᠂ ᠪᠠᠶᠢᠭᠤᠯᠭ᠎ᠠ ᠶᠢᠨ ᠰᠤᠷᠲᠠᠯ ᠢ ᠦᠷᠭᠦᠯᠵᠢᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠢᠯᠠᠩᠭᠤᠶ᠎ᠠ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠪᠠ ᠴᠠᠯᠢᠩ ᠢ ᠬᠢᠨᠠᠨ ᠲᠣᠭᠲᠠᠭᠠᠬᠤ ᠠᠵᠢᠯ ᠤᠨ ᠳᠤᠮᠳᠠ᠂ ᠬᠥᠮᠦᠨ ᠨᠡᠮᠡᠵᠦ ᠴᠠᠭ ᠨᠡᠮᠡᠵᠦ | ᠠᠵᠢᠯᠯᠠᠨ ᠣᠶᠢᠷ᠎ᠠ ᠶᠢᠨ ᠭᠤᠷᠪᠠᠨ ᠵᠢᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠤᠭᠤᠰᠣᠨ ᠠᠵᠢᠯ ᠤᠨ ᠪᠠᠶᠢᠷᠢ ᠶᠢ ᠨᠥᠬᠦᠪᠥᠷᠢᠯᠡᠬᠦ ᠠᠵᠢᠯ ᠢ | ᠪᠡᠶᠡᠯᠡᠭᠦᠯᠵᠦ᠂ ᠺᠠᠳ᠋ᠷ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ | ᠳᠦᠷᠪᠡ ᠳᠤ᠂ ᠰᠤᠷᠲᠠᠯ ᠤᠨ ᠬᠤᠪᠢᠷᠠᠭᠤᠯᠤᠯᠲᠠ ᠶᠢ ᠭᠦᠨᠵᠡᠭᠡᠶᠢᠷᠡᠭᠦᠯᠵᠦ᠂ ᠪᠣᠳᠠᠲᠠᠢ ᠠᠵᠢᠯᠯᠠᠬᠤ ᠦᠷ᠎ᠡ ᠪᠦᠲᠦᠮᠵᠢ ᠶᠢ ᠬᠦᠭᠵᠢᠭᠡᠪᠡ᠃ ᠰᠢᠨ᠎ᠡ ᠶᠢ | ᠡᠭᠦᠳᠬᠦ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠢ ᠭᠠᠷᠭᠠᠵᠤ᠂ ᠰᠠᠷ᠎ᠠ ᠪᠦᠷᠢ ᠡᠯ᠎ᠡ ᠲᠠᠰᠤᠭ ᠤᠨ | ᠠᠵᠢᠯ ᠤᠨ ᠦᠷ᠎ᠡ ᠪᠦᠲᠦᠭᠡᠯ ᠢ ᠴᠤᠭᠯᠠᠭᠤᠯᠬᠤ ᠶᠢᠨ ᠬᠠᠮᠲᠤ ᠬᠡᠪ ᠵᠢᠭᠰᠠᠭᠠᠨ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠴᠠᠭ ᠲᠤᠬᠠᠶ ᠳᠤᠨᠢ | ᠳᠡᠯᠭᠡᠨ ᠦᠵᠡᠭᠦᠯᠵᠦ᠂ ᠺᠠᠳ᠋ᠷ ᠠᠵᠢᠯᠲᠠᠨ ᠠᠵᠢᠯᠴᠢᠨ ᠤ ᠠᠮᠵᠢᠯᠲᠠ ᠪᠦᠲᠦᠮᠵᠢ ᠶᠢᠨ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠬᠦᠯᠪᠡ᠃ | ᠲᠤᠷᠰᠢᠯᠭ᠎ᠠ ᠪᠠᠨ ᠳ᠋ᠦᠩᠨᠡᠬᠦ᠂ ᠲᠡᠷᠢᠭᠦᠨ ᠤ ᠠᠷᠭ᠎ᠠ ᠬᠢᠳᠡᠯ ᠢ ᠳᠡᠯᠭᠡᠷᠡᠭᠦᠯᠬᠦ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠲᠠᠨ ᠠᠵᠢᠯᠴᠢᠨ ᠤ ᠠᠵᠢᠯ ᠤᠨ | ᠬᠠᠯᠠᠭᠤᠨ ᠰᠡᠳᠬᠢᠯᠭᠡ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠡᠬᠦᠨ ᠠᠴᠠ ᠭᠠᠳᠠᠨ᠎ᠠ᠂ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠤᠳᠤᠷᠢᠳᠬᠤ ᠪᠠᠭ ᠪᠣᠯᠤᠨ ᠵᠠᠩᠭᠢᠯᠠᠭ᠎ᠠ ᠶᠢᠨ ᠺᠠᠳ᠋ᠷ | ᠲᠤᠰᠢᠶᠠᠯ ᠤᠨ ᠮᠡᠳᠡᠭᠦᠯᠦᠯᠲᠡ ᠬᠢᠬᠦ ᠶᠢ ᠬᠠᠭᠠᠰ ᠵᠢᠯ ᠪᠦᠷᠢ ᠥᠷᠨᠢᠭᠦᠯᠵᠦ᠂ ᠲᠤᠰᠢᠶᠠᠯ ᠤᠨ ᠮᠡᠳᠡᠭᠦᠯᠦᠯᠲᠡ ᠬᠢᠬᠦ ᠶᠠᠪᠤᠴᠠ᠂ ᠠᠭᠤᠯᠭ᠎ᠠ ᠪᠣᠯᠤᠨ ᠦᠨᠡᠯᠡᠨ | ᠶᠠᠷᠢᠯᠴᠠᠬᠤ ᠲᠣᠭᠲᠠᠴᠠ ᠶᠢ ᠲᠣᠳᠣᠷᠬᠠᠶᠢᠯᠠᠵᠤ᠂ ᠠᠵᠢᠯ ᠤᠨ ᠠᠮᠵᠢᠯᠲᠠ ᠪᠣᠯᠤᠨ ᠬᠦᠷᠦᠯᠴᠡᠬᠦ ᠦᠭᠡᠢ ᠲᠠᠯ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ | ᠰᠠᠶᠢᠵᠢᠷᠠᠭᠤᠯᠬᠤ ᠴᠢᠭᠯᠡᠯ ᠢᠶᠠᠨ ᠲᠣᠲᠣᠷᠬᠠᠶᠢᠯᠠᠪᠠ᠃ ᠵᠢᠯ ᠪᠦᠷᠢ ᠰᠢᠯᠢᠳᠡᠭ ᠺᠠᠳ᠋ᠷ᠂ ᠰᠢᠯᠢᠳᠡᠭ ᠨᠠᠮ ᠤᠨ ᠭᠡᠰᠢᠭᠦᠨ ᠢ ᠰᠢᠯᠭᠠᠷᠠᠭᠤᠯᠬᠤ ᠶᠢ ᠥᠷᠨᠢᠭᠦᠯᠵᠦ᠂ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠪᠦᠬᠦ ᠺᠠᠳ᠋ᠷᠴᠤᠳ ᠢ ᠬᠥᠲᠥᠯᠥᠨ ᠵᠢᠯᠣᠭᠤᠳᠴᠤ | ᠪᠠᠶᠢᠭᠠᠳ ᠲᠡᠷᠢᠭᠦᠨ ᠢᠶᠠᠷ ᠳᠠᠭᠤᠷᠢᠶᠠᠯ ᠪᠣᠯᠭᠠᠵᠤ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠨᠵᠢᠯᠡᠬᠦ | ᠤᠬᠠᠭᠠᠨᠴᠢ ᠪᠥᠭᠡᠳ ᠵᠦᠶ ᠵᠣᠬᠢᠰᠲᠠᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠺᠠᠳ᠋ᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠪᠠᠶᠢᠭᠤᠯᠭ᠎ᠠ ᠶᠢᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠦᠨᠡᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠰᠢᠨᠵᠢᠯᠡᠬᠦ ᠤᠬᠠᠭᠠᠨᠴᠢ ᠪᠣᠳᠠᠲᠠᠶ ᠶᠢ ᠡᠷᠬᠢᠮᠯᠡᠬᠦ ᠠᠵᠢᠯ ᠤᠨ ᠣᠪᠣᠷ ᠢ ᠦᠷᠭᠦᠯᠵᠢᠯᠡᠨ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ | ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ |