| | | | | | VC ᠶᠢᠨ ᠠᠭᠤᠯᠤᠭᠳᠠᠴᠠ ᠦᠨᠳᠦᠷ | 100 ᠭᠷᠠᠮ ᠭᠦᠵᠡᠯᠵᠡᠭᠡᠨ᠎ᠡ ᠪᠦᠷᠢ ᠳᠤ 47 ᠮᠢᠯᠢᠭᠷᠡᠮ ᠸᠢᠲ᠋ᠠᠮᠢᠨ C ᠪᠠᠶᠢᠵᠤ᠂ ᠬᠦᠴᠢᠲᠡᠶ ᠵᠦᠷᠵᠢ᠂ ᠨᠢᠮᠪᠡᠭᠡ ᠠᠴᠠ ᠪᠦᠷ ᠥᠨᠳᠥᠷ ᠪᠠᠶᠢᠳᠠᠭ᠃ | ᠭᠦᠵᠡᠯᠵᠡᠭᠡᠨ᠎ᠡ ᠶᠢᠨ ᠳᠣᠲᠣᠷ᠎ᠠ ᠴᠡᠴᠡᠭ ᠤᠨ ᠬᠥᠬᠡ ᠡᠳ᠋ ᠡᠯᠪᠡᠭ ᠠᠭᠤᠯᠤᠭᠳᠠᠵᠤ᠂ ᠢᠰᠦᠯᠳᠦᠬᠦ ᠶᠢ ᠡᠰᠡᠷᠭᠦᠴᠡᠬᠦ ᠪᠠ ᠦᠷᠪᠢᠰᠦᠯ ᠢ ᠡᠰᠡᠷᠭᠦᠴᠡᠬᠦ | ᠴᠢᠳᠠᠪᠤᠷᠢ ᠪᠠᠷ ᠰᠠᠶᠢᠨ᠃ | ᠢᠯᠴᠢ ᠶᠢᠨ ᠬᠡᠮᠵᠢᠶ᠎ᠡ ᠳᠣᠣᠷ᠎ᠠ | 100 ᠭᠷᠠᠮ ᠭᠦᠵᠡᠯᠵᠡᠭᠡᠨ᠎ᠡ ᠢᠳᠡᠪᠡᠯ ᠵᠥᠪᠬᠡᠨ 32 ᠺᠢᠯᠣᠺᠠᠯᠣᠷᠢ ᠡᠨᠧᠷᠭᠢ ᠰᠢᠩᠭᠡᠭᠡᠳᠡᠭ᠃ ᠭᠦᠵᠡᠯᠵᠡᠭᠡᠨ᠎ᠡ ᠳᠤ ᠨᠢᠮᠪᠡᠭᠡ ᠶᠢᠨ ᠬᠦᠴᠢᠯ᠂ | ᠠᠯᠮᠤᠷᠠᠳ ᠤᠨ ᠬᠦᠴᠢᠯ ᠡᠯᠪᠡᠭ ᠠᠭᠤᠯᠤᠭᠳᠠᠵᠤ᠂ ᠮᠠᠷᠢᠶ᠎ᠠ ᠰᠢᠭᠤᠷᠠᠭᠤᠯᠬᠤ ᠰᠠᠨᠠᠭ᠎ᠠ ᠲᠠᠢ ᠨᠠᠶᠢᠵᠠ ᠨᠠᠷ ᠲᠤ ᠳᠣᠭᠢᠷᠠᠨ᠎ᠠ᠃ | ᠬᠤᠷᠭᠤᠰᠣ ᠬᠠᠲᠠᠬᠤ ᠶᠢ ᠰᠡᠷᠭᠡᠶᠢᠯᠡᠵᠦ ᠪᠣᠯᠣᠨ᠎ᠠ | ᠭᠦᠵᠡᠯᠵᠡᠭᠡᠨ᠎ᠡ ᠶᠢᠨ ᠢᠳᠡᠭᠡᠨ ᠤ ᠰᠢᠷᠬᠡᠭᠯᠢᠭ ᠤᠨ ᠠᠭᠤᠯᠤᠭᠳᠠᠴᠠ ᠨᠢ ᠬᠡᠳᠦ᠋ᠢᠪᠡᠷ ᠳᠤᠮᠳᠠ ᠵᠡᠷᠭᠡ ᠶᠢᠨ ᠪᠣᠯᠪᠠᠴᠤ ᠭᠤᠤᠯᠳᠠᠭᠤ ᠤᠰᠤᠨ ᠳᠤ | ᠠᠭᠤᠰᠬᠤ ᠴᠢᠨᠠᠷᠲᠠᠶ ᠢᠳᠡᠭᠡᠨ ᠤ ᠰᠢᠷᠬᠡᠭ ᠪᠠᠶᠢᠵᠤ᠂ ᠬᠤᠷᠭᠤᠰᠣᠯᠠᠬᠤ ᠳᠤ ᠬᠦᠴᠢᠷᠳᠡᠵᠦ ᠪᠠᠶᠢᠭ᠎ᠠ ᠨᠠᠶᠢᠵᠠ ᠨᠠᠷ ᠲᠤ ᠳᠣᠭᠢᠷᠠᠨ᠎ᠠ᠃ ᠡᠭᠦᠨ ᠠᠴᠠ | ᠭᠠᠳᠠᠨ᠎ᠠ᠂ ᠭᠦᠵᠡᠯᠵᠡᠭᠡᠨ᠎ᠡ ᠶᠢᠨ ᠥᠩᠭᠡᠨ ᠲᠠᠯ᠎ᠠ ᠳᠤ ᠮᠠᠰᠢ ᠣᠯᠠᠨ ᠵᠢᠵᠢᠭ ︽ᠦᠷ᠎ᠡ︾ ᠪᠠᠶᠢᠵᠤ᠂ ᠭᠡᠳᠡᠰᠦᠨ ᠤ ᠭᠦᠷᠪᠡᠯᠵᠡᠯ ᠢ ᠠᠬᠢᠭᠤᠯᠳᠠᠭ᠃ | ᠴᠢᠰᠤᠨ ᠰᠢᠬᠢᠷ ᠲᠤ ᠨᠥᠬᠦᠷᠰᠡᠭ | ᠭᠦᠵᠡᠯᠵᠡᠭᠡᠨ᠎ᠡ ᠶᠢᠨ ᠰᠢᠬᠢᠷ ᠤᠨ ᠠᠭᠤᠯᠤᠭᠳᠠᠴᠠ ᠥᠨᠳᠥᠷ ᠪᠢᠰᠢ᠂ ᠲᠡᠭᠦᠨ ᠤ ᠴᠢᠰᠤᠨ ᠤ ᠰᠢᠬᠢᠷ ᠤᠨ ᠵᠢᠭᠠᠯᠲᠠ ᠲᠤᠭ᠎ᠠ ︵GI︶ ᠵᠥᠪᠬᠡᠨ 40 | ᠯᠠ ᠪᠠᠶᠢᠨ᠎ᠠ᠃ ᠨᠢᠭᠡ ᠤᠳᠠᠭ᠎ᠠ 200 ᠭᠷᠠᠮ ᠢᠳᠡᠪᠡᠯ ᠪᠣᠯᠴᠢᠬᠠᠨ᠎ᠠ᠂ ᠴᠢᠰᠤᠨ ᠰᠢᠬᠢᠷ ᠤᠨ ᠳᠠᠭᠠᠭᠠᠴᠠ ︵GL︶ ᠨᠢ ᠪᠠᠰᠠ 4.5 ᠬᠤᠪᠢ ᠯᠠ | ᠲᠣᠬᠢᠷᠠᠮᠵᠢᠲᠠᠢ ᠳᠣᠣᠷ᠎ᠠ GI᠂ ᠳᠣᠣᠷ᠎ᠠ GL ᠵᠢᠮᠢᠰ ᠨᠢ ᠴᠢᠰᠤᠨ ᠤ ᠰᠢᠬᠢᠷ ᠢ ᠬᠢᠵᠠᠭᠠᠷᠯᠠᠬᠤ ᠴᠢᠬᠤᠯᠠ ᠲᠠᠢ ᠬᠦᠮᠦᠰ ᠲᠤ ᠲᠣᠬᠢᠷᠠᠨ᠎ᠠ᠃ | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ | |