| ᠵᠠᠷᠢᠮ ᠰᠤᠳᠤᠯᠭᠠᠨ ᠳᠤ ᠣᠷᠣᠰᠬᠠᠯ ᠣᠰᠣ᠂ ᠣᠽᠣᠨ᠂ ᠬᠡᠲᠦ ᠲᠠᠭᠤᠨ ᠳᠣᠯᠭᠢᠶᠠᠨ ᠢᠶᠠᠷ ᠭᠦᠵᠡᠯᠵᠡᠭᠡᠨ᠎ᠡ ᠶᠢᠨ ᠳᠣᠲᠣᠷᠠᠬᠢ 16 ᠵᠦᠢᠯ ᠤᠨ | ᠲᠠᠷᠢᠶᠠᠨ ᠡᠮ ᠢ ᠠᠷᠢᠯᠭᠠᠬᠤ ᠦᠷ᠎ᠡ ᠳ᠋ᠦᠩ ᠢ ᠬᠠᠷᠢᠴᠠᠭᠤᠯᠵᠠᠶ᠃ ᠡᠭᠦᠨ ᠤ ᠳ᠋ᠦᠩ ᠳᠤ᠂ ᠤᠷᠤᠰᠬᠠᠯ ᠤᠰᠤ ᠪᠠᠷ ᠤᠬᠢᠶᠠᠪᠠᠯ 19.8%-68.1% ᠶᠢᠨ | ᠲᠠᠷᠢᠶᠠᠨ ᠡᠮ ᠢ ᠠᠷᠢᠯᠭᠠᠵᠤ ᠲᠠᠶᠢᠯᠤᠨ᠎ᠠ᠂ ᠣᠽᠣᠨ ᠢᠶᠠᠷ ᠤᠬᠢᠶᠠᠪᠠᠯ 36.1%-75.1% ᠶᠢᠨ ᠲᠠᠷᠢᠶᠠᠨ ᠡᠮ ᠢ ᠠᠷᠢᠯᠭᠠᠵᠤ ᠲᠠᠶᠢᠯᠤᠨ᠎ᠠ᠂ ᠬᠡᠲᠦ | ᠲᠠᠭᠤᠨ ᠳᠣᠯᠭᠢᠶᠠᠨ ᠢᠶᠠᠷ ᠤᠬᠢᠶᠠᠪᠠᠯ ᠲᠠᠷᠢᠶᠠᠨ ᠡᠮ ᠢ ᠠᠷᠢᠯᠭᠠᠪᠠᠯ ᠦᠷ᠎ᠡ ᠳ᠋ᠦᠩ ᠨᠢ ᠨᠠᠩ ᠰᠠᠶᠢᠨ᠂ 91.2% ᠤᠨ ᠲᠠᠷᠢᠶᠠᠨ ᠡᠮ ᠢ ᠠᠷᠢᠯᠭᠠᠵᠤ | ᠲᠠᠶᠢᠯᠤᠨ᠎ᠠ᠃ | ᠠᠩᠬᠠᠷᠤᠭᠤᠰᠢᠲᠠᠶ ᠨᠢ᠂ ᠭᠦᠵᠡᠯᠵᠡᠭᠡᠨ᠎ᠡ ᠶᠢ ᠤᠬᠢᠶᠠᠬᠤ ᠳᠠᠭᠠᠨ ᠭᠦᠵᠡᠯᠵᠡᠭᠡᠨ᠎ᠡ ᠶᠢᠨ ᠡᠰᠢ ᠶᠢ ᠠᠪᠴᠤ ᠬᠠᠶᠠᠵᠤ ᠪᠣᠯᠬᠤ ᠥᠬᠡᠶ᠃ ᠰᠤᠳᠤᠯᠭᠠᠨ ᠳᠤ | ᠠᠵᠢᠯᠲᠠᠨ ᠠᠴᠠ ᠬᠡᠲᠦ ᠳᠡᠯᠭᠡᠭᠦᠷ᠂ ᠵᠢᠮᠢᠰ ᠤᠨ ᠳᠡᠯᠭᠡᠭᠦᠷ᠂ ᠵᠠᠮ ᠤᠨ ᠬᠠᠵᠠᠭᠤ ᠶᠢᠨ ᠵᠢᠮᠢᠰ ᠤᠨ ᠳᠡᠯᠭᠡᠭᠦᠷ ᠠᠴᠠ ᠲᠣᠰ ᠲᠣᠰ 3 ᠺᠢᠯᠣᠭ᠍ᠷᠠᠮ | ᠭᠦᠵᠡᠯᠵᠡᠭᠡᠨ᠎ᠡ ᠠᠪᠴᠤ᠂ ᠳᠤᠮᠳᠠᠴᠢ ᠪᠠᠷ ᠲᠣᠰ ᠲᠣᠰ 8 ᠬᠤᠪᠢ ᠬᠤᠪᠢᠶᠠᠵᠤ᠂ ᠲᠣᠰ ᠲᠣᠰ ᠳᠣᠤᠷᠠᠬᠢ ᠵᠢᠷᠤᠭ ᠬᠦᠰᠦᠨᠦᠭᠲᠦ ᠳᠠᠬᠢ 8 ᠵᠦᠢᠯ ᠤᠨ | ᠤᠬᠢᠶᠠᠨ ᠴᠡᠪᠡᠷᠯᠡᠬᠦ ᠠᠷᠭ᠎ᠠ ᠶᠢ ᠬᠡᠷᠡᠭᠯᠡᠵᠦ᠂ ᠠᠳᠠᠯᠢ ᠪᠤᠰᠤ ᠤᠬᠢᠶᠠᠨ ᠴᠡᠪᠡᠷᠯᠡᠬᠦ ᠠᠷᠭ᠎ᠠ ᠶᠢᠨ ᠭᠦᠵᠡᠯᠵᠡᠭᠡᠨ᠎ᠡ ᠶᠢᠨ ᠥᠯᠢᠭᠡᠷ ᠡᠳ᠋ ᠤᠨ ᠲᠣᠮᠳᠠᠬᠢ | ᠲᠠᠷᠢᠶᠠᠴᠢᠨ ᠡᠮ ᠲᠤ ᠦᠵᠡᠭᠦᠯᠬᠦ ᠨᠥᠯᠥᠭᠡ ᠶᠢ ᠬᠠᠷᠢᠴᠠᠭᠤᠯᠵᠠᠶ᠃ | ᠲᠤᠷᠰᠢᠯᠲᠠ ᠶᠢᠨ ᠳ᠋ᠦᠩ ᠳᠤ ᠣᠯᠵᠤ ᠮᠡᠳᠡᠭᠰᠡᠨ ᠨᠢ᠄ ᠭᠦᠵᠡᠯᠵᠡᠭᠡᠨ᠎ᠡ ᠶᠢᠨ ᠡᠰᠢ ᠶᠢ ᠠᠪᠴᠤ ᠬᠠᠶᠠᠭᠰᠠᠨ ᠤ ᠳᠠᠷᠠᠭ᠎ᠠ ᠳᠠᠬᠢᠨ ᠳᠡᠪᠲᠦᠭᠡᠭᠰᠡᠨ | ᠭᠦᠵᠡᠯᠵᠡᠭᠡᠨ᠎ᠡ ᠶᠢᠨ ᠦᠯᠡᠳᠡᠭᠳᠡᠯ ᠨᠢ ᠬᠠᠷᠢᠴᠠᠩᠭᠤᠶ ᠪᠠᠷ ᠠᠪᠴᠤ ᠬᠡᠯᠡᠪᠡᠯ ᠨᠡᠩ ᠥᠨᠳᠥᠷ ᠰᠢᠭ᠂ ᠬᠠᠷᠢᠨ ᠭᠦᠵᠡᠯᠵᠡᠭᠡᠨ᠎ᠡ ᠶᠢᠨ ᠡᠰᠢ ᠶᠢ ᠠᠪᠴᠤ | ᠬᠠᠶᠠᠬᠤ ᠦᠭᠡᠶ ᠲᠠᠷᠢᠶᠠᠨ ᠦᠯᠡᠳᠡᠭᠳᠡᠯ ᠨᠢ ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠳᠠᠭ᠃ | ᠡᠩ ᠤᠨ ᠦᠶ᠎ᠡ ᠳᠤ ᠭᠦᠵᠡᠯᠵᠡᠭᠡᠨ᠎ᠡ ᠶᠢ ᠤᠬᠢᠶᠠᠬᠤ ᠳᠠᠭᠠᠨ ᠤᠷᠢᠳ ᠢᠶᠠᠷ ᠲᠦᠭᠡᠭᠡᠯ ᠤᠰᠤ ᠪᠠᠷ ᠤᠬᠢᠶᠠᠵᠤ᠂ ᠳᠠᠷᠠᠭ᠎ᠠ ᠨᠢ ᠴᠡᠪᠡᠷ ᠤᠰᠤ᠂ ᠴᠡᠩᠭᠡᠭ | ᠳᠠᠪᠤᠰᠤ ᠲᠠᠢ ᠤᠰᠤ ᠪᠤᠶᠤ ᠪᠤᠳᠠᠭ᠎ᠠ ᠲᠤᠩᠭᠠᠬᠤ ᠤᠰᠤ ᠪᠠᠷ 5 ᠮᠢᠨᠦ᠋ᠲ ᠳᠡᠪᠲᠦᠭᠡᠭᠡᠳ ᠳᠠᠬᠢᠨ ᠤᠬᠢᠶᠠᠪᠠᠯ ᠪᠣᠯᠴᠢᠬᠠᠨ᠎ᠠ᠃ | ᠬᠠᠮᠤᠭ ᠰᠡᠭᠦᠯ ᠳᠤ ᠣᠯᠠᠨ ᠳᠤ ᠰᠠᠨᠠᠭᠤᠯᠬᠤ ᠨᠢ᠄ ᠭᠦᠵᠡᠯᠵᠡᠭᠡᠨ᠎ᠡ ᠶᠢ ᠤᠬᠢᠶᠠᠯᠭ᠎ᠠ ᠶᠢᠨ ᠡᠳ᠋ ᠢᠶᠠᠷ ᠤᠬᠢᠶᠠᠬᠤ ᠶᠢ ᠰᠠᠨᠠᠭᠤᠯᠬᠤ ᠥᠬᠡᠶ᠂ ᠤᠴᠢᠷ ᠨᠢ | ᠲᠡᠭᠦᠨ ᠤ ᠦᠯᠡᠳᠡᠭᠳᠡᠯ ᠪᠣᠳᠠᠰ ᠤᠨ ᠠᠶᠤᠯᠭᠦᠶ ᠴᠢᠨᠠᠷ ᠢ ᠬᠠᠷᠠᠬᠠᠨ ᠦᠨᠡᠯᠡᠭᠡᠳᠦᠶ᠂ ᠲᠡᠭᠦᠨ ᠤ ᠬᠦᠴᠦᠨ ᠪᠥᠬᠦᠶ ᠴᠢᠨᠠᠷ ᠢ ᠬᠠᠷᠠᠬᠠᠨ ᠰᠢᠯᠭᠠᠨ ᠪᠠᠶᠢᠴᠠᠭᠠᠬᠤ | ᠪᠤᠶᠤ ᠪᠠᠷᠢᠮᠵᠢᠶᠠᠵᠢᠭᠤᠯᠬᠤ ᠶᠢ ᠥᠩᠭᠡᠷᠡᠭᠡᠭᠰᠡᠨ ᠥᠬᠡᠶ᠃ | | | | | | | | | | | | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ | |