︽ᠬᠤᠶᠠᠷ ᠤᠭᠲᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/3/17
     ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ    3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠬᠤᠶᠠᠷ ᠤᠭᠲᠤ ᠭᠤᠶᠢᠪᠢᠰᠢ ᠥᠬᠡᠶ﹀  ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 11 ᠰᠠᠷ᠎ᠠ ᠠᠴᠠ 2025 ᠣᠨ ᠤ 2 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠤᠪᠴᠢᠯᠠᠯ ᠪᠣᠯᠤᠨ᠎ᠠ᠃    ᠵᠣᠬᠢᠶᠠᠯ ᠳᠤ᠂ ᠮᠠᠨ ᠤ ᠨᠠᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠪᠣᠯ ᠲᠣᠳᠣᠷᠬᠠᠢ᠂ ᠢᠮᠠᠭᠲᠠ ᠶᠢᠨ ᠪᠥᠭᠡᠳ ᠲᠠᠰᠤᠷᠠᠯᠳᠠ ᠦᠭᠡᠢ ᠭᠦᠨᠵᠡᠭᠡᠶᠢᠷᠡᠵᠦ᠂ ᠶᠡᠷᠦ ᠠᠴᠠ ᠭᠤᠶᠢᠪᠢᠯᠵᠠᠭᠰᠠᠨ ᠦᠭᠡᠢ ᠶᠤᠮ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠦᠨᠳᠦᠰᠦᠨ ᠬᠠᠤᠯᠢ᠂ ᠨᠠᠮ ᠤᠨ ᠲᠦᠷᠢᠮ ᠳᠤ ᠪᠢᠴᠢᠵᠦ ᠣᠷᠣᠭᠤᠯᠤᠭᠰᠠᠨ ᠪᠠᠶᠢᠨ᠎ᠠ᠂ ᠡᠨᠡ ᠪᠤᠯ ᠬᠤᠪᠢᠷᠠᠰᠢ ᠦᠭᠡᠢ ᠪᠥᠭᠡᠳ ᠬᠤᠪᠢᠷᠠᠭᠤᠯᠵᠤ ᠴᠤ ᠪᠣᠯᠬᠤ ᠦᠭᠡᠢ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠤᠭᠲᠤ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠤᠭᠲᠤ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠦᠲᠦᠯᠦᠨ ᠵᠢᠯᠣᠭᠤᠳᠪᠠ︔ ᠨᠠᠮ ᠪᠠ ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠬᠦᠷᠲᠡᠬᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠡ ᠭᠡᠵᠦ ᠴᠢᠬᠤᠯᠠᠴᠢᠯᠠᠪᠠ᠃     ᠵᠣᠬᠢᠶᠠᠯ ᠳᠤ᠂ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠨᠡᠶᠢᠲᠡ ᠶᠢᠨ ᠥᠮᠴᠢᠯᠡᠯ ᠤᠨ ᠠᠵᠤ ᠠᠬᠤᠢ ᠪᠣᠯ ᠤᠷᠳᠤ ᠬᠤᠭᠤᠴᠠᠭᠠᠨ ᠤ ᠲᠤᠷᠰᠢ ᠤᠯᠤᠰ ᠤᠨ ᠬᠥᠭᠵᠢᠯᠲᠡ ᠶᠢᠨ ᠲᠡᠦᠬᠡᠨ ᠶᠠᠪᠤᠴᠠ ᠳᠤ ᠪᠦᠷᠢᠯᠳᠦᠭᠰᠡᠨ ᠶᠤᠮ᠃ ᠤᠯᠤᠰ ᠤᠨ ᠪᠦᠳᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠦᠬᠦ ᠠᠷᠠᠳ ᠲᠦᠮᠡᠨ ᠤ ᠡᠷᠬᠢᠮ ᠨᠠᠨᠳᠢᠨ ᠥᠪ ᠬᠦᠷᠦᠩᠭᠡ ᠪᠣᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠲᠤᠯᠭᠠᠭᠤᠷᠢ ᠪᠠ ᠲᠦᠰᠢᠭᠯᠡᠬᠦ ᠬᠦᠴᠦᠨ ᠪᠣᠯᠤᠭᠰᠠᠨ ᠪᠠᠶᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠠᠶᠢᠲᠤᠷ ᠪᠦᠳᠦᠭᠡᠨ ᠪᠠᠶᠢᠭᠤᠯᠵᠤ᠂ ᠠᠵᠢᠯᠴᠢᠨ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠪᠠᠬᠢᠵᠢᠭᠦᠯᠬᠦ ᠳᠤ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠠᠭ᠎ᠠ ᠠᠴᠠ ᠪᠠᠨ ᠪᠤᠵᠠᠭᠠᠶᠢᠷᠠᠵᠤ᠂ ᠪᠠᠭᠤᠷᠠᠢ ᠠᠴᠠ ᠪᠠᠨ ᠬᠦᠴᠦᠷᠬᠡᠭᠵᠢᠭᠰᠡᠨ ᠨᠢ ᠮᠠᠨ ᠤ ᠨᠠᠮ ᠪᠣᠯᠤᠨ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ ᠪᠡᠶᠡᠯᠡᠭᠳᠡᠭᠰᠡᠨ ᠶᠤᠮ᠃ ᠤᠷᠳᠤ ᠬᠤᠭᠤᠴᠠᠭᠠᠨ ᠤ ᠲᠤᠷᠰᠢ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠲᠦᠷᠭᠡᠨ ᠬᠥᠭᠵᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮᠳᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠳᠤᠬᠠᠢ ᠲᠠᠨᠢᠯᠲᠠ᠂ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ᠂ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠪᠠᠶᠢᠳᠠᠭ᠃ ᠨᠠᠮ ᠪᠣᠯᠤᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠤᠳᠤᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠬᠤ ᠪᠠᠷ ᠪᠠᠶᠢᠵᠤ᠂ ᠬᠤᠪᠢᠷᠠᠭᠤᠯᠵᠤ ᠪᠣᠯᠬᠤ ᠦᠭᠡᠢ᠂ ᠬᠤᠪᠢᠷᠠᠭᠤᠯᠬᠤ ᠴᠤ ᠦᠭᠡᠢ ᠶᠤᠮ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠦᠨ ᠢᠶᠠᠨ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠵᠢᠯᠤᠭᠤᠳᠤᠯᠭ᠎ᠠ ᠥᠭᠴᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠦᠢᠯᠡᠰ ᠢ ᠪᠦᠲᠦᠭᠡᠵᠦ ᠪᠣᠯᠤᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠡᠷᠳᠡᠮ ᠴᠢᠳᠠᠪᠤᠷᠢ ᠪᠠᠨ ᠪᠠᠳᠠᠷᠠᠭᠤᠯᠬᠤ ᠨᠢ ᠴᠠᠭ ᠲᠠᠭᠠᠨ ᠲᠤᠬᠢᠷᠠᠵᠤ ᠪᠠᠶᠢᠨ᠎ᠠ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠪᠢᠳᠡ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠶᠢ ᠴᠢᠬᠤᠯᠠᠴᠢᠯᠠᠵᠤ ᠪᠠᠶᠢᠬᠤ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠬᠤ᠂ ᠳᠡᠮᠵᠢᠬᠦ᠂ ᠬᠦᠳᠦᠯᠥᠨ ᠵᠢᠯᠣᠭᠤᠳᠬᠤ ᠲᠠᠢ ᠡᠰᠡᠷᠭᠦᠴᠡᠯᠳᠦᠵᠦ ᠪᠠᠶᠢᠭ᠎ᠠ ᠪᠢᠰᠢ᠂ ᠬᠠᠷᠢᠨ ᠣᠷᠭᠠᠨᠢᠭ ᠢᠶᠠᠷ ᠨᠢᠭᠡᠳᠴᠦ ᠪᠠᠶᠢᠭ᠎ᠠ ᠶᠤᠮ᠃ ᠨᠡᠶᠢᠲᠡ ᠶᠢᠨ ᠥᠮᠴᠢᠯᠡᠯ ᠤᠨ ᠠᠵᠤ ᠠᠬᠤᠢ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠣᠯ ᠴᠥᠮ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠴᠥᠮ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠃ ᠮᠠᠨ ᠤ ᠤᠯᠤᠰ ᠡᠶᠢᠮᠦ ᠶᠡᠭᠡ᠂ ᠬᠥᠮᠦᠨ ᠠᠮᠠ ᠡᠶᠢᠮᠦ ᠤᠯᠠᠨ᠂ ᠪᠠᠰᠠ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ ᠪᠠᠶᠢᠬᠤ ᠪᠥᠭᠡᠳ ᠤᠷᠳᠤ ᠬᠤᠭᠤᠴᠠᠭ᠎ᠠ ᠪᠠᠷ ᠣᠷᠣᠰᠢᠬᠤ ᠪᠣᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠯ᠎ᠡ ᠲᠠᠯ᠎ᠠ ᠶᠢᠨ ᠬᠢᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯᠯᠠᠬᠤ ᠬᠡᠷᠡᠭᠲᠡᠢ᠂ ᠤᠯᠠᠨ ᠤ ᠬᠦᠴᠦᠨ ᠳᠤ ᠤᠪᠤᠭ᠎ᠠ ᠪᠣᠰᠤᠨ᠎ᠠ᠃ ᠨᠡᠶᠢᠲᠡ ᠶᠢᠨ ᠥᠮᠴᠢᠯᠡᠯ ᠤᠨ ᠠᠵᠤ ᠠᠬᠤᠶ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠬᠠᠷᠢᠯᠴᠠᠨ ᠨᠥᠬᠦᠴᠡᠯᠳᠦᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠣᠰᠣᠲᠠᠶ᠂ ᠬᠠᠷᠢᠨ ᠬᠠᠷᠢᠯᠴᠠᠨ ᠭᠠᠳᠠᠭᠤᠷᠴᠢᠯᠠᠵᠤ᠂ ᠬᠠᠷᠢᠯᠴᠠᠨ ᠦᠭᠡᠶᠢᠰᠬᠡᠵᠦ ᠪᠣᠯᠬᠤ ᠦᠭᠡᠢ᠃ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠰᠠᠭᠤᠷᠢᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠤᠭᠳᠤ ᠭᠤᠶᠢᠪᠢᠰᠢ ᠦᠭᠡᠢ︾  ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ