3 ᠰᠠᠷ᠎ᠠ ᠶᠢᠨ 15 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠸᠠᠩ ᠵᠢᠶᠦ᠋ᠨ ᠵᠢᠶᠧ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠠᠶᠢᠴᠠᠭᠠᠨ | ᠰᠤᠳᠤᠯᠵᠤ ᠵᠢᠭᠠᠨ ᠵᠢᠯᠣᠭᠤᠳᠴᠤ᠂ ᠣᠷᠴᠢᠨ ᠠᠬᠤᠶ ᠶᠢᠨ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠰᠢᠪᠠᠳᠠᠨ ᠪᠠᠶᠢᠴᠠᠭᠠᠪᠠ᠃ | ᠸᠠᠩ ᠵᠢᠶᠦ᠋ᠨ ᠵᠢᠶᠧ ᠤᠷᠢᠳ ᠬᠤᠵᠢᠳ ᠶᠢᠨ ᠤᠣ ᠢᠦᠢ ᠰᠢᠨ᠎ᠡ ᠮᠠᠲ᠋ᠧᠷᠢᠶᠠᠯ ᠤᠨ ᠺᠣᠮᠫᠠᠨᠢ᠂ ᠶᠢᠨ ᠢᠦᠢ ᠲᠧᠩ ᠰᠢᠨ᠎ᠡ ᠮᠠᠲ᠋ᠧᠷᠢᠶᠠᠯ ᠤᠨ ᠺᠣᠮᠫᠠᠨᠢ᠂ | ᠲᠦᠩ ᠴᠧᠨ ᠰᠢᠨ᠎ᠡ ᠮᠠᠲ᠋ᠧᠷᠢᠶᠠᠯ ᠤᠨ ᠺᠣᠮᠫᠠᠨᠢ᠂ ᠱᠧᠩ ᠴᠢᠤᠸᠠᠨ ᠺᠧ ᠯᠢ ᠶᠤᠸᠠᠨ ᠺᠣᠮᠫᠠᠨᠢ᠂ ᠬᠤᠢ ᠡᡁᠧ ᠰᠢᠨ᠎ᠡ ᠮᠠᠲ᠋ᠧᠷᠢᠶᠠᠯ ᠤᠨ ᠺᠣᠮᠫᠠᠨᠢ᠂ ᠶᠢᠨ | ᠴᠢᠤᠸᠠᠨ ᠰᠢᠨ᠎ᠡ ᠮᠠᠲ᠋ᠧᠷᠢᠶᠠᠯ ᠤᠨ ᠺᠣᠮᠫᠠᠨᠢ ᠵᠡᠷᠭᠡ ᠠᠵᠤ ᠠᠬᠤᠶᠢᠯᠠᠯ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ | ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠠᠵᠢᠯᠴᠢᠨ ᠬᠡᠷᠡᠭᠯᠡᠬᠦ ᠬᠡᠷᠡᠭᠴᠡᠭᠡ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠳᠣᠬᠠᠨ ᠳᠤ ᠶᠠᠭ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠴᠠᠭ ᠦᠶ᠎ᠡ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ | ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠲᠡᠮᠡᠴᠡᠨ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ᠂ ᠠᠵᠤ | ᠠᠬᠤᠶᠢᠯᠠᠯ ᠤᠨ ᠬᠢᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠡᠬᠢ ᠪᠠᠶᠠᠯᠢᠭ ᠢ ᠥᠨᠳᠥᠷ ᠪᠦᠲᠦᠮᠵᠢᠲᠡᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠲᠤᠪᠤᠶᠢᠯᠭᠠᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠵᠤ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ | ᠬᠦᠷᠳᠡᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠸᠠᠩ ᠵᠢᠶᠦ᠋ᠨ ᠵᠢᠶᠧ ᠶᠢᠨ ᠬᠠᠢ ᠶᠢᠨ ᠰᠢᠨ᠎ᠡ ᠮᠠᠲ᠋ᠧᠷᠢᠶᠠᠯ᠂ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠴᠢᠩ ᠬᠤᠸᠠ᠂ ᠲᠢᠶᠠᠨ ᠢᠦᠢ ᠶᠤᠸᠠᠨ᠂ ᠮᠧᠩ ᠷᠦᠨ ᠺᠠᠯᠢ ᠪᠤᠷᠳᠤᠭᠤᠷ ᠵᠡᠷᠭᠡ ᠬᠡᠰᠡᠭ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠵᠠᠰᠠᠭ ᠵᠠᠬᠢᠷᠭ᠎ᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ | ᠳᠡᠭᠡᠷ᠎ᠡ᠂ ᠸᠠᠩ ᠵᠢᠶᠦ᠋ᠨ ᠵᠢᠶᠧ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠡᠳᠬᠢᠴᠡ ᠶᠢᠨ ᠲᠤᠬᠠᠢ ᠶᠠᠷᠢᠯᠴᠠᠵᠤ᠂ ᠲᠦᠷᠦ ᠶᠢᠨ | ᠪᠤᠳᠤᠯᠭ᠎ᠠ ᠶᠢᠨ ᠲᠤᠬᠠᠢ ᠶᠠᠷᠢᠵᠤ᠂ ᠬᠥᠭᠵᠢᠯᠲᠡ ᠶᠢᠨ ᠲᠤᠬᠠᠢ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠠᠵᠤ ᠠᠬᠤᠶᠢᠯᠠᠯ ᠤᠨ | ᠠᠰᠠᠭᠤᠳᠠᠯ ᠢ ᠰᠢᠢᠳᠪᠦᠷᠢᠯᠡᠬᠦ᠂ ᠵᠠᠰᠠᠭ ᠤᠨ ᠣᠷᠳᠣᠨ ᠤ ᠠᠰᠠᠭᠤᠳᠠᠯ ᠢ ᠰᠢᠢᠳᠪᠦᠷᠢᠯᠡᠬᠦ︾ ᠵᠡᠷᠭᠡ ᠠᠵᠤ ᠠᠬᠤᠶᠢᠯᠠᠯ ᠢ ᠬᠠᠪᠰᠤᠷᠤᠨ ᠴᠢᠳᠠᠪᠤᠷᠢ ᠣᠯᠭᠤᠬᠤ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ︽ᠦᠨᠡᠨ ᠪᠣᠳᠠᠲᠠᠢ︾ ᠪᠠᠷ ᠠᠰᠠᠭᠤᠳᠠᠯ ᠢ | ᠰᠢᠢᠳᠪᠦᠷᠢᠯᠡᠵᠦ᠂ ︽ᠰᠡᠳᠬᠢᠯ ᠤᠨ ᠤᠭᠲᠤᠯᠭ᠎ᠠ︾ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠠᠪᠰᠤᠷᠴᠤ᠂ ᠬᠢᠨᠠᠨ ᠵᠥᠪᠰᠢᠶᠡᠷᠡᠯ ᠢ ᠰᠢᠯᠢᠳᠡᠭᠵᠢᠭᠦᠯᠬᠦ | ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠲᠤᠰᠠᠯᠠᠬᠤ ᠵᠡᠷᠭᠡ ᠡᠯ᠎ᠡ ᠲᠦᠷᠦᠯ ᠤᠨ ᠠᠷᠭ᠎ᠠ ᠬᠡᠮᠵᠢ᠊ | ᠡᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠳᠠᠷᠤᠭᠠᠰᠤ ᠶᠢ ᠬᠥᠩᠭᠡᠷᠡᠭᠦᠯᠦᠨ | ᠴᠢᠳᠠᠪᠤᠷᠢ ᠶᠢ ᠬᠠᠳᠠᠭᠠᠯᠠᠵᠤ᠂ ᠠᠵᠤ ᠠᠬᠤᠶᠢᠯᠠᠯ ᠤᠨ ᠬᠦᠴᠢᠷ ᠢ ᠲᠤᠭᠤᠯᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠦᠨᠡᠨᠬᠦ ᠬᠦᠴᠦ ᠨᠡᠮᠡᠷᠢᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠤᠤ ᠳ᠋ᠦᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | |