ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠠᠷᠠᠳ ᠤᠯᠠᠨ ᠤ | ᠠᠮᠢ ᠠᠬᠤᠢ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ | ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ ᠂ ᠲᠣᠰ ᠡᠳᠦᠷ ᠠᠴᠠ ᠡᠬᠢᠯᠡᠨ ᠤᠷᠠᠳ ᠤᠨ ᠡᠮᠦᠨᠡᠲᠦ ᠬᠤᠰᠢᠭᠤᠨ ᠳᠤ ᠠᠮᠢ ᠠᠬᠤᠶ ᠶᠢᠨ ᠣᠷᠴᠢᠨ | ᠲᠣᠭᠤᠷᠢᠨ ᠤ ᠠᠰᠠᠭᠤᠳᠠᠯ ᠤᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠤᠲᠠᠰᠤ ᠭᠠᠷᠭᠠᠬᠤ ᠪᠠᠷ ᠲᠣᠭᠲᠠᠪᠠ᠂ ᠬᠤᠯᠪᠣᠭᠳᠠᠯ | ᠪᠥᠬᠦᠶ ᠤᠴᠢᠷ ᠶᠠᠪᠤᠳᠠᠯ ᠨᠢ ᠳᠣᠤᠷᠠᠬᠢ ᠮᠡᠲᠦ᠄ | | ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠴᠠᠭ᠄ | ᠲᠣᠰ ᠡᠳᠦᠷ ᠠᠴᠠ 4 ᠰᠠᠷ᠎ᠠ ᠶᠢᠨ 9 ᠤ ᠡᠳᠦᠷ ᠤᠨ | ᠦᠳᠡ ᠶᠢᠨ ᠡᠮᠦᠨᠡᠬᠢ 9᠄ 00 — 12᠄ 00᠂ | ᠦᠳᠡ ᠶᠢᠨ ᠬᠤᠶᠢᠨᠠᠬᠢ 15᠄ 00 — 18᠄ 00᠃ | ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠤᠲᠠᠰᠤ᠄ 0478 — 3235175 | | | | ᠬᠤᠶᠠᠷ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠭᠤᠤᠯᠳᠠᠭᠤ ᠪᠥᠬᠦ ᠬᠤᠰᠢᠭᠤᠨ ᠤ ᠬᠡᠪᠴᠢᠶᠡᠨ ᠳᠠᠬᠢ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ᠂ | ᠡᠭᠦᠨ ᠳᠤ ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ ᠰᠢᠷᠣᠶ ᠶᠢᠨ ᠪᠣᠬᠢᠷᠲᠤᠯ᠂ ᠬᠤᠭ ᠨᠣᠪᠰᠢ ᠶᠢ ᠬᠤᠯᠠᠭᠠᠶᠢᠯᠠᠨ ᠬᠠᠶᠠᠬᠤ᠂ | ᠠᠮᠢ ᠠᠬᠤᠶ ᠶᠢ ᠡᠪᠳᠡᠬᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠡᠯ᠎ᠡ ᠲᠥᠷᠥᠯ ᠤᠨ ᠠᠰᠠᠭᠤᠳᠠᠯ ᠢ ᠪᠠᠭᠲᠠᠭᠠᠨ᠎ᠠ᠃ | ᠪᠢᠳᠡ ᠰᠤᠷᠪᠤᠯᠵᠢᠯᠠᠬᠤ ᠪᠠᠷ ᠢᠷᠡᠭᠰᠡᠳ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠂ ᠥᠷᠭᠡᠨ ᠤᠯᠠᠨ | ᠲᠦᠮᠡᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠢᠳᠡᠪᠬᠢᠲᠡᠢ ᠣᠷᠣᠯᠴᠠᠵᠤ᠂ ᠦᠵᠡᠰᠬᠦᠯᠡᠩᠲᠦ ᠰᠠᠶᠢᠬᠠᠨ ᠤᠷᠠᠳ ᠤᠨ ᠡᠮᠦᠨᠡᠲᠦ | ᠬᠤᠰᠢᠭᠤ ᠶᠢ ᠬᠠᠮᠲᠤᠪᠠᠷ ᠪᠦᠳᠦᠭᠡᠨ ᠪᠠᠶᠢᠭᠤᠯᠬᠤ ᠶᠢ ᠬᠦᠰᠡᠵᠦ ᠪᠠᠶᠢᠨ᠎ᠠ᠃ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 12 ᠤᠨ ᠡᠳᠦᠷ |