ᠰᠠᠭᠠᠳᠠᠭ ᠰᠤᠮᠤ ᠣᠷᠴᠢᠨ ᠲᠣᠭᠤᠷᠢᠨ ᠢ ᠴᠡᠭᠴᠡᠯᠡᠨ  ᠵᠠᠰᠠᠬᠤ ᠠᠵᠢᠯᠯᠠᠭ᠎ᠠ ᠶᠢ ᠲᠠᠰᠣᠷᠠᠯᠲᠠ ᠦᠬᠡᠢ  ᠦᠷᠨᠢᠬᠦᠯᠪᠡ
ᠨᠡᠶᠢᠲᠡᠯᠡᠭᠰᠡᠨ ᠴᠠᠭ᠄
2025/3/19
     ᠰᠤᠮᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠮᠠᠯᠵᠢᠬᠤ ᠣᠷᠣᠨ ᠢ ᠪᠣᠢ ᠪᠣᠯᠭᠠᠬᠤ ᠶᠢᠨ ᠲᠥᠯᠥᠭᠡ᠂  ᠣᠶᠢᠷ᠎ᠠ ᠶᠢᠨ ᠡᠳᠦᠷ ᠲᠤ᠂  ᠣᠷᠠᠳ ᠤᠨ ᠡᠮᠦᠨᠡᠲᠤ ᠬᠤᠰᠢᠭᠤᠨ ᠤ ᠰᠠᠭᠠᠳᠠᠭ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠮᠢᠩᠭ᠎ᠠ ᠲᠦᠮᠡ  ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠪᠠᠷ ᠤᠳᠤᠷᠢᠳᠤᠮᠵᠢ ᠪᠣᠯᠭᠠᠨ᠂ ᠪᠠᠶᠢᠭᠤᠯᠭ᠎ᠠ ᠶᠢᠨ ᠺᠠᠳ᠋ᠷ᠂ ᠮᠠᠯᠴᠢᠨ ᠲᠦᠮᠡᠨ᠂ ᠠᠵᠤ ᠠᠬᠤᠶᠢᠯᠠᠯ ᠤᠨ ᠠᠵᠢᠯᠲᠠᠳ ᠢ ᠳᠠᠶᠢᠴᠢᠯᠠᠨ ᠵᠣᠬᠢᠶᠠᠨ ᠪᠠᠶᠢᠭᠤᠯᠵᠤ ᠪᠥᠬᠦ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠴᠡᠪᠡᠷ ᠴᠡᠮᠴᠡᠭᠡᠷ᠂ ᠪᠣᠯᠪᠠᠰᠤᠨ ᠡᠮᠬᠢ ᠵᠢᠷᠤᠮ ᠲᠠᠢ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠵᠤ  ᠪᠠᠶᠢᠨ᠎ᠠ᠃     ᠲᠣᠰ ᠰᠣᠮᠣ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠰᠣᠮᠣᠨ ᠤ ᠡᠷᠬᠢᠨ ᠲᠣᠭᠤᠷᠢᠨ᠂ ᠭᠠᠴᠠᠭᠠᠨ ᠤ ᠠᠩᠭᠢ ᠶᠢᠨ ᠬᠡᠷ ᠪᠠᠶᠢᠰᠢᠩ᠂ ᠵᠠᠰᠠᠮᠠᠯ ᠵᠠᠮ ᠳᠠᠭᠠᠤ᠂ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ︽ᠮᠧᠬᠠᠨᠢᠭ  + ᠬᠥᠮᠦᠨ ᠤ ᠬᠦᠴᠣ︾ ᠪᠠᠷ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠠᠰᠠᠭᠤᠳᠠᠯ ᠢ ᠵᠢᠷᠤᠮᠵᠢᠭᠤᠯᠤᠨ ᠵᠠᠰᠠᠬᠤ ᠶᠢ ᠵᠡᠷᠭᠡᠪᠡᠷ ᠠᠬᠢᠭᠤᠯᠵᠤ᠂ ᠭᠤᠣᠯ ᠤᠨ ᠵᠠᠮ ᠤᠨ ᠴᠡᠪᠡᠷ ᠲᠡᠭᠰᠢ ᠪᠠ ᠦᠶᠡᠷ ᠵᠠᠯᠠᠬᠤ ᠠᠮᠤᠷ ᠲᠦᠪᠰᠢᠨ ᠢ ᠪᠠᠲᠤᠯᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠲᠡᠰ ᠳᠡᠪᠰᠢᠭᠦᠯᠬᠦ ︽ᠬᠤᠣᠰ ᠠᠬᠢᠭᠤᠯᠬᠤ︾ ᠶᠢ  ᠪᠡᠶᠡᠯᠡᠬᠦᠯᠪᠡ᠃ ᠭᠠᠴᠠᠭᠠᠨ ᠤ ᠮᠠᠯᠴᠢᠨ ᠪᠠ ᠠᠵᠤ ᠠᠬᠤᠶᠢᠯᠠᠯ ᠤᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠶᠢ ᠬᠡᠷᠡᠭᠵᠢᠭᠦᠯᠵᠦ᠂ ᠡᠳᠦᠷ ᠲᠤᠲᠤᠮ ᠤᠨ ᠴᠡᠪᠡᠷᠯᠡᠨ ᠠᠷᠢᠯᠭᠠᠬᠤ ᠠᠵᠢᠯ ᠢ ᠪᠠᠶᠢᠩᠭᠤᠵᠢᠭᠤᠯᠤᠨ ᠦᠷᠨᠢᠬᠦᠯᠵᠦ᠂  ᠡᠳᠦᠷ ᠲᠤᠳᠤᠮ ᠤᠨ ᠬᠠᠮᠢᠶᠠᠷᠴᠤ ᠬᠠᠮᠠᠭᠠᠯᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ ᠬᠤᠭ ᠨᠣᠪᠰᠢ ᠣᠪᠣᠭᠠᠯᠠᠬᠤ ︽ᠠᠷᠬᠠᠭ ᠭᠡᠮ︾ ᠢ ᠠᠷᠢᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢᠨ ᠡᠮᠬᠢ ᠵᠢᠷᠤᠮ ᠲᠠᠢ ᠠᠬᠢᠬᠤ ᠶᠢ  ᠪᠠᠲᠣᠯᠠᠪᠠ᠃    ᠲᠣᠰ ᠰᠣᠮᠣ ᠪᠠᠰᠠ ︽ᠴᠡᠭᠴᠡᠯᠡᠨ ᠵᠠᠰᠠᠬᠤ ᠤᠬᠠᠭᠤᠯᠬᠤ︾ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠸᠢᠴᠠᠲ ᠤᠨ ᠬᠤᠯᠪᠤᠭ᠎ᠠ᠂ ᠣᠯᠠᠨ ᠨᠡᠶᠢᠲᠡ ᠶᠢᠨ ᠳ᠋ᠤᠭᠠᠷ ᠢᠶᠠᠷ ᠴᠡᠭᠴᠡᠯᠡᠨ ᠵᠠᠰᠠᠭᠰᠠᠨ ᠪᠠᠶᠢᠳᠠᠯ᠂ ᠰᠦᠯᠵᠢᠶᠡᠨ ᠭᠠᠳᠠᠨ᠎ᠠ ᠤᠬᠠᠭᠤᠯᠭ᠎ᠠ ᠶᠢᠨ ᠬᠠᠭᠤᠳᠠᠰᠤ᠂ ᠬᠥᠨᠳᠡᠯᠡᠨ ᠪᠢᠴᠢᠭᠡᠰᠦ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠬᠡᠯᠪᠡᠷᠢ ᠶᠢ ᠠᠰᠢᠭᠯᠠᠨ᠂ ᠨᠠᠩ ᠣᠯᠠᠨ  ᠬᠦᠮᠦᠰ ᠢ ᠬᠥᠲᠥᠯᠦᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ︽ᠬᠥᠳᠡᠭᠡ ᠲᠣᠰᠬᠤᠨ ᠤ ᠣᠷᠴᠢᠨ ᠲᠣᠭᠤᠷᠢᠨ ᠣᠯᠠᠨ ᠲᠦᠮᠡᠨ ᠳᠤ ᠲᠦᠰᠢᠭᠯᠡᠬᠦ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ︽ᠬᠤᠪᠢ ᠬᠤᠷᠠᠮᠳᠤᠭᠤᠯᠤᠨ ᠰᠣᠯᠢᠬᠤ︾ ᠲᠣᠭᠲᠠᠴᠠ ᠶᠢ ᠰᠠᠶᠢᠲᠤᠷ ᠬᠡᠷᠡᠭᠯᠡᠵᠦ᠂ ᠮᠠᠯᠴᠢᠳ ᠤᠨ ᠠᠵᠢᠯᠯᠠᠭ᠎ᠠ ᠪᠠᠷ ᠢᠶᠠᠨ ᠴᠡᠪᠡᠷ ᠴᠡᠮᠴᠡᠭᠡᠷ ᠢ ᠰᠣᠯᠢᠬᠤ᠂ ᠬᠤᠪᠢ ᠬᠤᠷᠠᠮᠳᠤᠭᠤᠯᠵᠤ ᠱᠠᠩᠨᠠᠯ ᠰᠣᠯᠢᠬᠤ ᠶᠢ ᠵᠣᠷᠢᠭᠵᠢᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ  ᠬᠦᠭᠵᠢᠬᠡᠪᠡ᠃    ᠰᠠᠭᠠᠳᠠᠭ ᠰᠣᠮᠣ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ︽ᠣᠬᠤᠷ ᠬᠤᠭᠤᠴᠠᠭᠠᠨ ᠤ ᠪᠣᠭᠤᠮᠲᠠ ᠰᠢᠪᠲᠤᠯᠬᠤ︾ ᠠᠴᠠ ︽ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ︾ ᠲᠡᠰᠢ ᠬᠤᠪᠢᠷᠠᠭᠤᠯᠬᠤ ᠶᠢ ᠠᠬᠢᠭᠤᠯᠵᠤ  ᠪᠠᠶᠢᠨ᠎ᠠ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ