ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ | ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠬᠠᠷᠢᠶᠠᠲᠤ ᠣᠷᠣᠨ ᠤ ᠪᠠᠨ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠦᠨ᠎ᠡ ᠲᠦᠯᠦᠪᠦᠷᠢ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠪᠡ᠃ | ᠲᠣᠰ ᠣᠳᠠᠭ᠎ᠠ ᠭᠤᠤᠯᠳᠠᠭᠤ ᠴᠢᠰᠤᠨ ᠤ ᠵᠤᠷᠰᠢᠯ᠂ ᠰᠢᠭᠡᠰᠦᠨ ᠤ ᠵᠤᠷᠰᠢᠯ᠂ ᠴᠢᠰᠤᠨ ᠰᠢᠬᠢᠷ᠂ ᠴᠢᠰᠤᠨ ᠳᠠᠷᠤᠯᠲᠠ᠂ ᠵᠢᠷᠣᠭᠲᠣ ᠬᠡᠲᠦ | ᠲᠣᠯᠬᠢᠶᠠᠨ ᠤ ᠪᠠᠶᠢᠴᠠᠭᠠᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ᠂ ᠲᠣᠲᠣᠷ ᠰᠠᠯᠠᠭᠠᠨ ᠤ ᠠᠰᠠᠭᠤᠵᠣ ᠣᠨᠣᠰᠢᠯᠠᠬᠤ ᠵᠡᠷᠭᠡ | ᠲᠠᠯ᠎ᠠ ᠪᠠᠷ ᠪᠠᠶᠢᠴᠠᠭᠠᠯᠲᠠ ᠬᠢᠭᠰᠡᠨ ᠪᠠᠶᠢᠨ᠎ᠠ᠃ ᠡᠮᠴᠢ ᠰᠣᠪᠢᠯᠠᠭᠴᠢᠳ ᠠᠴᠠ ᠨᠠᠰᠤᠲᠠᠶᠢᠴᠤᠳ ᠲᠤ ᠲᠥᠷᠥᠯ ᠵᠦᠢᠯ ᠤᠨ ᠪᠠᠶᠢᠴᠠᠭᠠᠯᠲᠠ ᠬᠢᠬᠦ ᠶᠢᠨ ᠬᠠᠮᠲᠤ | ᠪᠠᠰᠠ ᠵᠦᠶ ᠵᠣᠬᠢᠰᠲᠠᠶ ᠢᠳᠡᠭᠡᠨ ᠤᠮᠳᠠᠭᠠᠨ᠂ ᠠᠮᠤᠷ ᠲᠦᠪᠰᠢᠨ ᠢᠶᠠᠷ ᠡᠮ ᠬᠡᠷᠡᠭᠯᠡᠬᠦ᠂ ᠨᠠᠰᠤᠲᠠᠶᠢᠴᠤᠳ ᠤᠨ ᠡᠪᠡᠳᠴᠢᠨ ᠪᠠ ᠤᠳᠠᠭᠠᠨ ᠴᠢᠨᠠᠷᠲᠠᠶ | ᠡᠪᠡᠳᠴᠢᠨ ᠢ ᠰᠡᠷᠭᠡᠶᠢᠯᠡᠬᠦ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ | ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠪᠡᠶ᠎ᠡ ᠶᠢᠨ ᠪᠠᠶᠢᠳᠠᠯ ᠡᠪ ᠦᠭᠡᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠬᠡᠷ ᠪᠦᠯᠢ ᠶᠢᠨ | ᠡᠮᠴᠢ ᠲᠠᠢ ᠬᠠᠷᠢᠯᠴᠠᠬᠤ ᠬᠡᠷᠡᠭᠲᠡᠶ ᠭᠡᠵᠦ ᠰᠠᠨᠠᠭᠤᠯᠪᠠ᠃ | ᠤᠷᠠᠳ ᠤᠨ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠬᠡ ᠶᠢᠨ ᠬᠤᠷᠢᠶ᠎ᠠ ᠲᠤᠭᠤᠷᠢᠨ ᠡᠮᠴᠢᠯᠡᠬᠦ ᠠᠩᠬᠢ ᠶᠢ ᠵᠤᠬᠢᠶᠠᠨ | ᠪᠠᠶᠢᠭᠤᠯᠤᠨ ᠬᠦᠳᠡᠭᠡ ᠪᠠᠭᠤᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠪᠠᠶᠢᠩᠭᠤ ᠦᠷᠨᠢᠬᠦᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ | ᠳᠤᠷᠤᠭᠰᠢ ᠪᠠᠭᠤᠯᠭᠠᠬᠤ ᠶᠢ ᠠᠬᠢᠭᠤᠯᠤᠨ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠵᠢᠯ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠬᠦᠯᠵᠤ᠂ | ᠰᠢᠯᠢᠳᠡᠭ ᠡᠮᠴᠢᠯᠡᠭᠡ ᠪᠠ ᠬᠠᠯᠠᠭᠤᠮᠰᠤᠭ ᠦᠢᠯᠡᠴᠢᠯᠡᠭᠡ ᠶᠢ ᠤᠯᠠᠨ ᠲᠦᠮᠡᠨ ᠤ ︽ᠬᠡᠷ ᠤᠨ ᠡᠭᠦᠳᠡ︾ ᠳᠤ ᠬᠦᠷᠭᠡᠵᠦ ᠪᠠᠶᠢᠨ᠎ᠠ᠃ |