ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠣᠷᠣᠵᠤ ᠰᠠᠭᠤᠪᠠ
ᠨᠡᠶᠢᠲᠡᠯᠡᠭᠰᠡᠨ ᠴᠠᠭ᠄
2025/3/19
      ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠵᠥᠪᠰᠢᠶᠡᠷᠡᠯ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ 4 ᠴᠠᠭᠳᠠᠨ ᠪᠠᠶᠢᠴᠠᠭᠠᠬᠤ ᠳᠤᠭᠤᠶᠢᠯᠠᠩ ᠲᠣᠬᠢᠷᠠᠭᠤᠯᠵᠤ᠂ 2025 ᠣᠨ ᠤ 3 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 6 ᠤ ᠡᠳᠦᠷ ᠪᠣᠯᠲᠠᠯ᠎ᠠ ᠲᠣᠰ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠬᠠᠷᠢᠶ᠎ᠠ ᠰᠤᠷᠭᠠᠭᠤᠯᠢ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠵᠦ᠂ ᠶᠡᠭᠡ ᠰᠢᠭᠡᠲᠡᠢ ᠪᠠᠯᠭᠠᠰᠤᠨ ᠤ ᠤᠯᠠᠭᠠᠨ ᠲᠣᠰᠬᠤᠨ᠂  ᠨᠠᠨ ᠴᠠᠩ ᠲᠣᠰᠬᠤᠨ᠂ ᠵᠥᠩ ᠾᠧᠦ ᠲᠠᠩ ᠲᠣᠰᠬᠤᠨ᠂ ᠰᠢᠨ ᠠᠨ ᠪᠠᠯᠭᠠᠰᠤᠨ ᠤ ᠴᠠᠩ ᠱᠧᠩ ᠲᠣᠰᠬᠤᠨ᠂ ᠰᠢᠩ ᠾᠥᠸᠧ ᠲᠣᠰᠬᠤᠨ᠂ ᠴᠢᠶᠠᠨ ᠶᠢᠨ ᠲᠣᠰᠬᠤᠨ ᠳᠤ ᠴᠠᠭᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠦᠷᠨᠢᠬᠦᠯᠦᠨ᠎ᠡ᠃ 3 ᠰᠠᠷ᠎ᠠ ᠶᠢᠨ 18 ᠤ ᠡᠳᠦᠷ ᠪᠣᠯᠲᠠᠯ᠎ᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠨᠢᠭᠡᠨᠲᠡ ᠪᠦᠬᠦᠨ ᠢᠶᠠᠷ ᠢᠶᠠᠨ ᠣᠷᠣᠵᠤ ᠰᠠᠭᠤᠪᠠ᠃      ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠨᠢ ᠲᠣᠰ ᠲᠣᠰ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠵᠦ᠂ ᠡᠯ᠎ᠡ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠳᠤ ᠱᠠᠭᠠᠷᠳᠠᠯᠭ᠎ᠠ ᠳᠤᠷᠠᠳᠪᠠ᠃     ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠴᠠᠭᠳᠠᠨ ᠪᠠᠶᠢᠴᠠᠭᠠᠬᠤ ᠪᠣᠯ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠮᠥᠨ᠃ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ  ᠲᠣᠭᠤᠰᠢᠯᠠᠭᠤᠯᠵᠤ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠠᠨ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠠᠩᠬᠠᠷᠴᠤ᠂ ᠲᠣᠭᠤᠷᠢᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠤᠨᠢᠨ ᠳᠡᠭᠡᠷ᠎ᠡ ᠨᠢ ᠬᠦᠴᠦᠲᠡᠢ ᠥᠷᠨᠢᠭᠦᠯᠵᠦ᠂ ᠲᠣᠭᠤᠷᠢᠨ ᠪᠠᠶᠢᠴᠠᠭᠠᠬᠤ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠬᠡᠪᠡ᠃     ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠪᠠᠶᠢᠷᠢᠯᠠᠭᠤᠯᠤᠯᠲᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠲᠠᠢ ᠬᠠᠮᠲᠤ ᠪᠠᠷ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠵᠡᠶ  ᠃      ᠣᠶᠢᠯᠠᠭᠠᠭᠰᠠᠨ ᠢᠶᠠᠷ᠂ 4 ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠴᠠᠭᠳᠠᠨ ᠪᠠᠶᠢᠴᠠᠭᠠᠭᠳᠠᠬᠤ ᠰᠠᠯᠠᠭ᠎ᠠ ᠮᠥᠴᠢᠷ ᠲᠤ 70 ᠡᠳᠦᠷ ᠠᠵᠢᠯᠯᠠᠨ᠎ᠠ᠂ ᠡᠨᠡ ᠬᠤᠭᠤᠴᠠᠭᠠᠨ ᠳᠤ ᠲᠤᠰᠬᠠᠶ ᠵᠢᠵᠢᠭᠦᠷ ᠤᠨ ᠤᠲᠠᠰᠤ ᠪᠠ ᠬᠠᠷᠢᠯᠴᠠᠬᠤ ᠵᠠᠬᠢᠳᠠᠯ ᠤᠨ ᠬᠠᠶᠢᠷᠴᠠᠭ ᠭᠠᠷᠭᠠᠵᠤ᠂ ᠭᠤᠤᠯᠳᠠᠭᠤ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠤᠯ ᠬᠠᠷᠢᠭᠤᠴᠠᠯᠭᠠᠲᠠᠨ ᠪᠠ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ᠂  ᠭᠤᠣᠯᠳᠠᠭᠤ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠶ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 5 ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ