ᠡᠷᠳᠡᠨᠢᠪᠤᠯᠠᠭ ᠰᠤᠮᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2025/3/21
      ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠣᠷᠠᠳ  ᠤᠨ ᠡᠮᠦᠨᠡᠲᠤ ᠬᠤᠰᠢᠭᠤᠨ ᠤ ᠡᠷᠳᠡᠨᠢᠪᠤᠯᠠᠭ ᠰᠤᠮᠤ ᠠᠴᠠ ᠰᠠᠶᠢᠨᠬᠤᠳᠳᠤᠭ  ᠭᠠᠴᠠᠭ᠎ᠠ᠂  ᠬᠦᠨᠬᠤᠳᠳᠤᠭ ᠭᠠᠴᠠᠭ᠎ᠠ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠳᠠᠬᠢᠨ ᠤᠬᠠᠭᠤᠯᠵᠤ᠂ ᠳᠠᠬᠢᠨ ᠳᠠᠶᠢᠴᠢᠯᠠᠵᠤ᠂ ᠬᠠᠷᠢᠶᠠᠲᠤ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠤᠯᠠᠭᠠᠨ ᠱᠤᠭᠤᠮ ᠢ  ᠪᠠᠬᠢᠵᠢᠭᠦᠯᠪᠡ᠃     ᠠᠵᠢᠯᠯᠠᠭᠠᠨ ᠳᠤ᠂ ᠲᠣᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ  ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠮᠠᠯ ᠪᠡᠯᠴᠢᠭᠡᠷ ᠤᠨ ᠲᠡᠩᠴᠡᠭᠦᠷᠢ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠪᠠᠰᠠ ᠮᠠᠯᠴᠢᠳ ᠤᠨ ᠳᠤᠷᠠᠳᠤᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠨᠢᠭᠡᠳ ᠨᠢᠭᠡ ᠪᠠᠷ ᠲᠠᠶᠢᠯᠤᠮᠵᠢ ᠬᠢᠪᠡ᠃ ᠰᠣᠮᠣᠨ ᠤ ᠭᠠᠴᠠᠭ᠎ᠠ ᠶᠢᠨ ᠤᠳᠤᠷᠢᠳᠤᠯᠭ᠎ᠠ ᠠᠴᠠ ᠪᠠᠰᠠ ᠠᠵᠢᠯᠯᠠᠭ᠎ᠠ ᠳᠤ ᠣᠷᠣᠯᠴᠠᠵᠤ ᠳᠡᠶᠢᠯᠦᠭᠰᠡᠨ ᠥᠬᠡᠶ ᠵᠠᠷᠢᠮ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠦᠷᠢᠮ︾ ᠵᠡᠷᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠤᠬᠠᠮᠰᠠᠷ ᠠᠴᠠ ᠪᠠᠨ ᠬᠠᠰᠢᠶᠠᠯᠠᠨ ᠲᠡᠵᠢᠭᠡᠬᠦ ᠪᠠ ᠠᠮᠢ ᠠᠬᠤᠶ ᠶᠢᠨ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠲᠠᠨᠢᠯᠲᠠ ᠪᠠ ᠣᠶᠢᠯᠠᠭᠠᠯᠲᠠ ᠶᠢ  ᠳᠡᠭᠡᠭᠰᠢᠯᠡᠬᠦᠯᠪᠡ᠃     ᠳᠠᠷᠠᠭᠠᠴᠢ ᠶᠢᠨ ᠠᠯᠬᠤᠮ ᠳᠤ᠂ ᠡᠷᠳᠡᠨᠢᠪᠤᠯᠠᠭ ᠰᠤᠮᠤ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠭᠦᠨᠵᠡᠭᠡᠶ ᠠᠬᠢᠭᠤᠯᠤᠨ᠂ ᠡᠷᠦᠬᠡ ᠳᠤ ᠣᠷᠣᠵᠤ ᠤᠬᠠᠭᠤᠯᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠨᠠᠩ ᠣᠯᠠᠨ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠭᠤᠯᠵᠤ᠂ ᠬᠠᠷᠢᠶᠠᠲᠤ ᠣᠷᠣᠨ ᠤ ᠪᠠᠨ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠪᠠᠷ ᠣᠷᠣᠰᠢᠬᠤ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠢ  ᠪᠠᠶᠢᠭᠤᠯᠬᠤ ᠪᠠᠷ ᠪᠠᠶᠢᠨ᠎ᠠ ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ