ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ — ᠦᠵᠡᠯ ᠰᠠᠨᠠᠭ᠎ᠠ ᠪᠠᠨ ᠴᠢᠯᠥᠭᠡᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠡᠷᠡᠮᠡᠬᠡᠶᠢᠯᠡᠨ ᠤᠷᠤᠭᠰᠢᠯᠠᠵᠤ ᠦᠨᠡᠨ ᠬᠦ ᠠᠳᠬᠤᠨ ᠪᠣᠳᠠᠲᠠᠶ ᠠᠵᠢᠯᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2025/3/21
    ᠼᠠᠢ ᠴᠢ ᠪᠠᠷ᠎ᠠ ᠪᠣᠯᠵᠣ ᠰᠢᠨᠵᠢᠯᠡᠨ ᠪᠠᠶᠢᠴᠠᠭᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠶᠦᠨᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠶᠦᠨᠨᠠᠨ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢ ᠬᠥᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠮᠡᠭᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠶᠦᠨᠨᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃

6387814746852975792077906.png

     3 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂

ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃

ᠵᠢᠷᠤᠭ ᠪᠤᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ

ᠰᠠᠷᠭᠠᠶ ᠴᠡᠴᠡᠭ ᠲᠠᠷᠢᠬᠤ ᠲᠣᠭᠤᠷᠢᠭ ᠲᠤ ᠲᠤᠬᠠᠶ ᠶᠢᠨ ᠲᠠᠯᠠᠪᠠᠢ ᠶᠢᠨ ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ

    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

    3 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠨᠢᠩ ᠪᠣᠯᠤᠨ

ᠮᠤᠵᠢ ᠶᠢᠨ ᠳᠠᠷᠤᠭ᠎ᠠ ᠸᠠᠩ ᠢᠦᠢ ᠪᠥᠸᠧ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠯᠢᠵᠢᠶᠠᠩ᠂ ᠺᠦᠨᠮᠢᠩ ᠵᠡᠷᠭᠡ ᠭᠠᠵᠠᠷ ᠲᠤ ᠬᠦᠷᠴᠦ

ᠰᠢᠨᠵᠢᠯᠡᠨ ᠪᠠᠶᠢᠴᠠᠭᠠᠪᠠ᠃

    19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠤᠳᠤ ᠦᠶ᠎ᠡ ᠶᠢᠨ ᠴᠡᠴᠡᠭ ᠤᠨ ᠠᠵᠤ ᠦᠢᠯᠡᠰ ᠤᠨ ᠬᠦᠷᠢᠶᠡᠯᠡᠩ ᠳᠤ ᠬᠦᠷᠪᠡ᠃

ᠦᠵᠡᠭᠦᠯᠭᠡ ᠶᠢᠨ ᠲᠢᠩᠬᠢᠮ ᠳᠤ ᠲᠡᠷᠡ ᠰᠠᠷᠭᠠᠶ ᠴᠡᠴᠡᠭ᠂ ᠲᠤᠭᠤᠷᠠᠶ ᠯᠢᠩᠬᠤᠸ᠎ᠠ ᠰᠣᠷᠭᠤᠭ ᠴᠡᠴᠡᠭ ᠤᠨ ᠲᠥᠷᠥᠯ ᠵᠦᠢᠯ ᠤᠨ ᠦᠵᠡᠭᠦᠯᠭᠡ ᠶᠢ ᠪᠠᠶᠢᠴᠠᠭᠠᠨ

ᠦᠵᠡᠵᠦ᠂ ᠶᠦᠨᠨᠠᠨ ᠤ ᠬᠤᠸᠠᠷ ᠴᠡᠴᠡᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠠᠷᠭᠠᠶ ᠴᠡᠴᠡᠭ

ᠲᠠᠷᠢᠬᠤ ᠲᠣᠭᠤᠷᠢᠭ ᠲᠤ ᠲᠡᠷᠡ ᠤᠶᠤᠨᠲᠤ ᠬᠦᠯᠡᠮᠵᠢ ᠳᠤ ᠬᠥᠷᠥᠰᠥ ᠰᠢᠷᠣᠶ ᠦᠭᠡᠢ ᠪᠠᠷ ᠲᠠᠷᠢᠬᠤ ᠮᠡᠷᠭᠡᠵᠢᠯ ᠢ ᠣᠶᠢᠯᠠᠭᠠᠵᠤ᠂ ᠲᠤᠬᠠᠶ ᠶᠢᠨ ᠲᠠᠯᠠᠪᠠᠢ ᠶᠢᠨ

ᠲᠣᠰᠬᠤᠨ ᠤ ᠠᠷᠠᠳ᠂ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ ᠪᠠᠰᠠ ᠰᠠᠷᠭᠠᠶ ᠴᠡᠴᠡᠭ ᠢ ᠲᠠᠰ ᠬᠤᠪᠢᠶᠠᠨ ᠪᠣᠭᠤᠳᠠᠯᠯᠠᠬᠤ

ᠦᠢᠯᠡᠳᠪᠦᠷᠢᠯᠡᠯ ᠤᠨ ᠱᠤᠭᠤᠮ ᠳᠤ ᠬᠦᠷᠴᠦ᠂ ᠰᠢᠭᠰᠢᠨ ᠰᠣᠩᠭᠤᠬᠤ᠂ ᠲᠠᠰ ᠬᠤᠪᠢᠶᠠᠨ ᠪᠣᠭᠤᠳᠠᠯᠯᠠᠬᠤ᠂ ᠪᠠᠷᠠᠭ᠎ᠠ ᠶᠠᠪᠤᠭᠤᠯᠬᠤ ᠪᠥᠬᠦ ᠶᠠᠪᠤᠴᠠ ᠶᠢ

ᠪᠠᠶᠢᠴᠠᠭᠠᠨ ᠦᠵᠡᠵᠦ᠂ ᠰᠣᠷᠭᠤᠭ ᠴᠡᠴᠡᠭ ᠢ ᠪᠠᠷᠠᠭᠠᠨ ᠤ ᠭᠦᠢᠯᠭᠡᠭᠡ ᠪᠠᠷ ᠳᠠᠮᠵᠢᠨ ᠴᠠᠭ ᠲᠤᠬᠠᠶ ᠳᠤᠨᠢ ᠭᠠᠳᠠᠭᠰᠢ ᠪᠣᠷᠣᠯᠠᠭᠤᠯᠵᠤ ᠪᠠᠶᠢᠬᠤ ᠶᠢ ᠨᠤᠲᠠᠯᠠᠵᠤ

ᠪᠠᠶᠢᠬᠤ ᠪᠠᠨ ᠢᠯᠡᠳᠭᠡᠵᠡᠢ᠃ ᠰᠢ ᠶᠢᠨ ᠫᠢᠩ᠂ ᠶᠦᠨᠨᠠᠨ ᠤ ᠴᠡᠴᠡᠭ ᠤᠨ ᠠᠵᠤ ᠦᠢᠯᠡᠰ ᠤᠨ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠪᠦᠬᠦ

ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠮᠠᠯ ᠤᠨ ᠦᠢᠯᠡᠰ ᠤᠨ ᠦᠵᠦᠭᠦᠷᠯᠢᠭ᠂ ᠲᠠᠷᠢᠮᠠᠯ ᠤᠨ ᠦᠵᠦᠭᠦᠷᠯᠢᠭ᠂ ᠵᠠᠬ᠎ᠠ

ᠳᠡᠯᠭᠡᠭᠦᠷ ᠤᠨ ᠦᠵᠦᠭᠦᠷᠯᠢᠭ ᠠᠴᠠ ᠲᠠᠰᠤᠷᠠᠯᠳᠠ ᠦᠭᠡᠢ ᠭᠦᠨᠵᠡᠭᠡᠶᠢᠷᠡᠨ ᠨᠠᠷᠢᠯᠢᠭ ᠠᠵᠢᠯᠯᠠᠵᠤ᠂ ᠡᠨᠡ ᠬᠦ ︽ᠦᠵᠡᠰᠭᠦᠯᠡᠩᠲᠦ ᠰᠠᠶᠢᠬᠠᠨ ᠠᠵᠤ ᠦᠢᠯᠡᠰ︾

ᠢ ᠤᠯᠠᠨ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠠᠵᠤ ᠦᠢᠯᠡᠰ︾ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠯᠢᠵᠢᠶᠠᠩ ᠤᠨ ᠡᠷᠲᠡᠨ ᠤ ᠬᠤᠲᠠ 800 ᠭᠠᠷᠤᠶ ᠵᠢᠯ ᠤᠨ ᠲᠡᠦᠬᠡ ᠲᠠᠢ ᠪᠠᠶᠢᠵᠤ᠂ ᠳᠡᠯᠡᠬᠡᠶ ᠶᠢᠨ ᠰᠣᠶᠣᠯ ᠤᠨ ᠥᠪ ᠤᠨ ᠨᠡᠷᠡᠰ ᠲᠤ

ᠵᠢᠭᠰᠠᠭᠠᠭᠳᠠᠪᠠ᠃ ᠨᠢᠭᠡ ᠤᠳᠠᠭᠠᠨ ᠤ ᠬᠠᠪᠤᠷ ᠤᠨ ᠴᠠᠰᠤᠨ ᠤ ᠳᠠᠷᠠᠭ᠎ᠠ ᠯᠢᠵᠢᠶᠠᠩ ᠳᠤ ᠵᠢᠭᠤᠯᠴᠢᠯᠠᠬᠤ ᠬᠥᠮᠦᠰ ᠣᠯᠠᠰᠢᠷᠠᠪᠠ᠃

6387814758324353743064472.png

    3 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂

ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠦᠨᠨᠠᠨ ᠳᠤ ᠰᠢᠨᠵᠢᠯᠡᠨ ᠪᠠᠶᠢᠴᠠᠭᠠᠪᠠ᠃

ᠵᠢᠷᠤᠭ ᠪᠤᠯ 19 ᠤ ᠦᠳᠡ ᠶᠢᠨ ᠬᠤᠶᠢᠨ᠎ᠠ᠂ ᠰᠢ ᠶᠢᠨ ᠫᠢᠩ ᠯᠢᠵᠢᠶᠠᠩ ᠤᠨ ᠡᠷᠲᠡᠨ ᠤ ᠬᠤᠲᠠ ᠳᠤ ᠰᠢᠨᠵᠢᠯᠡᠨ ᠪᠠᠶᠢᠴᠠᠭᠠᠬᠤ ᠳᠠᠭᠠᠨ ᠰᠠᠭᠤᠭᠠᠯᠢ

ᠠᠷᠠᠳ ᠪᠣᠯᠤᠨ ᠵᠢᠭᠤᠯᠴᠢᠯᠠᠭᠰᠠᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃

   ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

    ᠰᠢ ᠶᠢᠨ ᠫᠢᠩ ᠠᠳᠡ ᠡᠷᠲᠡᠨ ᠤ ᠬᠤᠳᠠ ᠶᠢ ᠪᠠᠶᠢᠭᠤᠯᠤᠭᠰᠠᠨ ᠲᠡᠦᠬᠡ᠂ ᠨᠠᠰᠢ ᠦᠨᠳᠦᠰᠦᠲᠡᠨ ᠤ ᠠᠷᠠᠳ ᠤᠨ ᠰᠠᠭᠤᠴᠠ ᠶᠢᠨ ᠣᠨᠴᠠᠯᠢᠭ ᠪᠣᠯᠤᠨ

ᠲᠤᠬᠠᠢ ᠶᠢᠨ ᠭᠠᠵᠠᠷ ᠤᠨ ᠰᠣᠶᠣᠯ ᠤᠨ ᠥᠪ ᠢ ᠬᠠᠮᠠᠭᠠᠯᠠᠨ ᠠᠰᠢᠭᠯᠠᠭᠰᠠᠨ ᠪᠠᠶᠢᠳᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ

ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠰᠠᠭᠤᠭᠠᠯᠢ ᠠᠷᠠᠳ ᠪᠣᠯᠤᠨ ᠵᠢᠭᠤᠯᠴᠢᠯᠠᠭᠰᠠᠳ ᠶᠡᠷᠦᠩᠬᠡᠢ ᠱᠦᠵᠢ ᠲᠠᠢ ᠠᠭᠤᠯᠵᠠᠭᠠᠳ

ᠲᠦᠢᠯ ᠢᠶᠠᠷ ᠪᠠᠶᠠᠷᠯᠠᠵᠤ᠂ ᠪᠤᠯᠢᠶᠠᠯᠳᠤᠨ ᠮᠡᠨᠳᠦᠴᠢᠯᠡᠵᠦ᠂ ᠵᠠᠷᠢᠮ ᠨᠢ ᠪᠠᠰᠠ ᠬᠥᠭᠵᠢᠮ ᠬᠥᠭᠵᠢᠮᠳᠡᠵᠦ᠂ ᠳᠠᠭᠤᠯᠠᠨ ᠪᠥᠵᠢᠭᠯᠡᠵᠦ ᠶᠡᠷᠦᠩᠬᠡᠢ ᠱᠦᠵᠢ ᠶᠢ

ᠤᠭᠲᠤᠪᠠ᠃ ᠰᠢ ᠶᠢᠨ ᠫᠢᠩ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ

ᠪᠣᠯᠤᠨ ᠵᠢᠭᠤᠯᠴᠢᠯᠠᠭᠰᠠᠳ ᠤᠨ ᠲᠦᠷᠦᠭᠳᠡᠯ ᠢ ᠣᠶᠢᠯᠠᠭᠠᠪᠠ᠃ ᠲᠡᠷᠡ ᠲᠤᠬᠠᠶ ᠶᠢᠨ ᠭᠠᠵᠠᠷ ᠤᠨ ᠬᠢᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ

ᠰᠠᠶᠢᠲᠤᠷ ᠰᠢᠢᠳᠪᠦᠷᠢᠯᠡᠵᠦ᠂ ᠡᠨᠡ ᠬᠦ ᠦᠵᠡᠰᠭᠦᠯᠡᠩᠲᠦ ᠰᠠᠶᠢᠬᠠᠨ ᠡᠷᠲᠡᠨ ᠤ ᠬᠤᠲᠠ ᠶᠢᠨ ᠰᠢᠨ᠎ᠡ ᠬᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠶ ᠭᠡᠵᠦ

ᠱᠠᠭᠠᠷᠳᠠᠪᠠ᠃

    ᠡᠷᠲᠡᠨ ᠤ ᠬᠤᠳᠠ ᠶᠢᠨ ᠳᠣᠲᠣᠷᠠᠬᠢ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠤᠷᠳᠤᠨ ᠤ ᠶᠠᠮᠤᠨ ᠨᠢ ᠪᠠᠷᠠᠭᠤᠨ ᠡᠮᠦᠨᠡᠲᠦ ᠣᠷᠣᠨ ᠤ

ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠡᠷᠡᠴᠢᠯᠡᠵᠡᠢ᠃ ᠰᠢ ᠶᠢᠨ ᠫᠢᠩ ᠮᠦ ᠣᠪᠣᠭᠲᠤ ᠶᠢᠨ ᠠᠶᠢᠮᠠᠭ ᠤᠨ

ᠠᠬᠠᠯᠠᠭᠴᠢ ᠶᠢᠨ ᠤᠷᠳᠤᠨ ᠤ ᠭᠤᠣᠯ ᠪᠠᠷᠢᠯᠭ᠎ᠠ ᠶᠢ ᠪᠠᠶᠢᠴᠠᠭᠠᠨ ᠦᠵᠡᠵᠦ᠂ ᠨᠠᠰᠢ ᠦᠨᠳᠦᠰᠦᠲᠡᠨ ᠤ ᠳ᠋ᠦᠩᠪᠠ ᠶᠢᠨ ᠰᠣᠶᠣᠯ ᠤᠨ ᠰᠤᠳᠤᠯᠭᠠᠨ ᠤ ᠦᠷ᠎ᠡ

ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠮᠦ ᠣᠪᠣᠭᠲᠤ ᠶᠢᠨ ᠠᠶᠢᠮᠠᠭ ᠤᠨ ᠠᠬᠠᠯᠠᠭᠴᠢ ᠶᠢᠨ ᠤᠷᠳᠤᠨ ᠮᠡᠲᠦ ᠶᠢᠨ ᠴᠢᠬᠤᠯᠠ

ᠰᠣᠶᠣᠯ ᠤᠨ ᠪᠡᠯᠭᠡ ᠲᠡᠮᠳᠡᠭ ᠢ ᠰᠠᠶᠢᠲᠤᠷ ᠬᠠᠮᠠᠭᠠᠯᠠᠨ ᠠᠰᠢᠭᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠬᠠᠮᠠᠭᠠᠯᠠᠨ

ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ‍ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠤᠭᠴᠠᠯᠠᠬᠤ ᠶᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ

ᠳᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠠᠶᠠᠷᠯᠠᠬᠤ ᠦᠶ᠎ᠡ ᠳᠤ ᠮᠠᠰᠢ ᠤᠯᠠᠨ ᠰᠠᠭᠤᠭᠠᠯᠢ ᠠᠷᠠᠳ ᠪᠣᠯᠣᠨ ᠵᠢᠭᠤᠯᠴᠢᠯᠠᠭᠰᠠᠳ ᠴᠤᠭᠯᠠᠷᠠᠨ ᠢᠷᠡᠵᠦ ᠶᠡᠷᠦᠩᠬᠡᠢ ᠱᠦᠵᠢ ᠶᠢ ᠦᠳᠡᠨ

ᠮᠣᠷᠳᠠᠭᠤᠯᠵᠠᠢ᠃ ᠰᠢ ᠶᠢᠨ ᠫᠢᠩ ᠤᠯᠠᠨ ᠢ ᠵᠣᠷᠢᠭᠵᠢᠭᠤᠯᠵᠤ᠂ ᠯᠢᠵᠢᠶᠠᠩ ᠳᠤ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠮᠢᠴᠡ ᠣᠨᠴᠠᠯᠢᠭᠲᠦ

ᠰᠣᠶᠣᠯ ᠲᠠᠢ᠂ ᠥᠨᠳᠥᠷ ᠮᠠᠨᠳᠤᠭᠰᠠᠨ ᠨᠡᠷ᠎ᠡ ᠠᠯᠳᠠᠷ ᠲᠠᠢ᠂ ᠯᠠᠪᠲᠠᠶ᠎ᠠ ᠦᠷᠭᠦᠯᠵᠢᠯᠡᠭᠰᠡᠨ ᠡᠷᠡᠭᠦᠯ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠮ ᠢ

ᠨᠡᠭᠡᠭᠡᠵᠦ ᠴᠢᠳᠠᠨ᠎ᠠ ᠭᠡᠪᠡ᠃ ᠲᠡᠷᠡ ᠯᠢᠵᠢᠶᠠᠩ ᠤᠨ ᠠᠷᠠᠳ ᠲᠦᠮᠡᠨ ᠤ ᠠᠮᠢᠳᠤᠷᠠᠯ ᠢ ᠨᠠᠰᠢ ᠦᠨᠳᠦᠰᠦᠲᠡᠨ ᠤ ︽ᠾᠧ︾ ᠣᠪᠣᠭ ᠮᠡᠲᠦ᠂ ᠵᠣᠯ

ᠵᠢᠷᠭᠠᠯᠲᠠᠢ ᠠᠮᠤᠷ ᠠᠮᠤᠭᠤᠯᠠᠩ᠂ ᠡᠶ᠎ᠡ ᠨᠠᠶᠢᠷᠠᠮᠳᠠᠭᠤ ᠪᠠᠶᠢᠭᠠᠰᠠᠢ ᠭᠡᠵᠤ ᠵᠦᠡᠭᠨᠡᠪᠡ᠃

    20 ᠤ ᠦᠳᠡ ᠶᠢᠨ ᠡᠮᠦᠨ᠎ᠡ᠂ ᠰᠢ ᠶᠢᠨ ᠫᠢᠩ ᠶᠦᠨᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ

ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠦᠨᠨᠠᠨ ᠤ ᠡᠯ᠎ᠡ ᠲᠠᠯ᠎ᠠ ᠶᠢᠨ ᠬᠢᠨ ᠤ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠲᠠᠷᠠᠭᠠᠴᠢ ᠶᠢᠨ

ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃

    ᠰᠢ ᠶᠢᠨ ᠫᠢᠩ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ

ᠭᠤᠣᠯᠳᠠᠯᠭ᠎ᠠ ᠲᠠᠢ ᠠᠵᠢᠯ ᠮᠥᠨ᠃ ᠡᠯ᠎ᠡ ᠭᠠᠵᠠᠷ ᠤᠨ ᠡᠬᠢ ᠪᠠᠶᠠᠯᠢᠭ ᠤᠨ ᠬᠡᠮᠵᠢᠶ᠎ᠡ᠂ ᠰᠠᠭᠤᠷᠢ ᠨᠥᠬᠦᠴᠡᠯ ᠵᠡᠷᠭᠡ ᠨᠢ ᠠᠳᠠᠯᠢ ᠪᠤᠰᠤ ᠪᠠᠶᠢᠵᠤ᠂ ᠠᠵᠤ

ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠬᠦ ᠶᠢ ᠠᠳᠬᠤᠬᠤ ᠳᠤ ᠪᠣᠳᠠᠲᠠᠢ ᠠᠴᠠ ᠡᠭᠦᠰᠴᠦ᠂ ᠠᠵᠤ ᠠᠬᠤᠢ ᠶᠢᠨ ᠵᠢᠮ᠎ᠡ ᠶᠣᠰᠣ ᠶᠢ

ᠵᠢᠷᠤᠮᠯᠠᠵᠤ᠂ ᠦᠪᠡᠷ ᠤᠨ ᠣᠨᠴᠠᠯᠢᠭ ᠢᠶᠠᠨ ᠳᠣᠪᠤᠶᠢᠯᠭᠠᠬᠤ ᠬᠡᠷᠡᠭᠲᠡᠢ᠃ ᠶᠦᠨᠨᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ

ᠤᠳᠤᠷᠢᠳᠤᠮᠵᠢ ᠪᠣᠯᠭᠠᠨ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠬᠦᠴᠦᠷᠬᠡᠭᠵᠢᠭᠦᠯᠵᠤ ᠰᠢᠯᠢᠳᠡᠭᠵᠢᠭᠦᠯᠤᠨ ᠪᠤᠵᠠᠭᠠᠶᠢᠷᠠᠭᠤᠯᠵᠤ᠂ ᠪᠠᠶᠢᠯᠳᠤᠬᠤ

ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃

ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ

ᠦᠷᠳᠡᠭ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ

ᠬᠡᠷᠡᠭᠲᠡᠢ᠃ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠡᠴᠡ ᠶᠢ ᠢᠳᠡᠪᠬᠢᠲᠡᠢ ᠰᠦᠪᠡᠭᠴᠢᠯᠡᠵᠦ᠂ ᠠᠵᠤ ᠦᠢᠯᠡᠰ ᠤᠨ ᠱᠠᠲᠤᠴᠢ ᠰᠢᠯᠵᠢᠯᠲᠡ ᠶᠢ ᠡᠮᠬᠢ

ᠵᠢᠷᠤᠮ ᠲᠠᠢ ᠬᠦᠯᠢᠶᠡᠨ ᠠᠪᠬᠤ ᠬᠡᠷᠡᠭᠲᠡᠢ ᠭᠡᠵᠤ ᠵᠢᠭᠠᠵᠤ ᠭᠠᠷᠭᠠᠪᠠ᠃

    ᠰᠢ ᠶᠢᠨ ᠫᠢᠩ᠂ ᠶᠦᠨᠨᠠᠨ ᠤ ᠣᠷᠣᠨ ᠪᠠᠶᠢᠷᠢ ᠶᠢᠨ ᠨᠥᠬᠦᠴᠡᠯ ᠥᠪᠡᠷᠮᠢᠴᠡ ᠪᠠᠶᠢᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ

ᠢᠳᠡᠪᠬᠢᠲᠡᠢ ᠠᠬᠢᠭᠤᠯᠵᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠦᠯᠦᠭᠡᠯᠡᠨ ᠲᠠᠶᠢᠴᠢᠯᠠᠬᠤ ᠲᠥᠪ ᠢ ᠪᠦᠲᠦᠭᠡᠨ

ᠪᠠᠶᠢᠭᠤᠯᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ

ᠪᠠᠷᠠᠭᠠᠨ ᠤ ᠭᠦᠢᠯᠭᠡᠭᠡ᠂ ᠡᠨᠧᠷᠭᠢ᠂ ᠲᠣᠭᠠᠴᠢᠯᠠᠭᠰᠠᠨ ᠮᠡᠳᠡᠭᠡ ᠵᠠᠩᠭᠢ ᠵᠡᠷᠭᠡ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ

ᠲᠦᠷᠦᠯ ᠤᠨ ᠨᠡᠭᠡᠭᠡᠯᠲᠡᠲᠤ ᠲᠠᠪᠴᠠᠩ ᠢ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠴᠡᠭ ᠪᠣᠯᠭᠠᠬᠤ ᠬᠡᠷᠡᠭᠲᠡᠢ᠃ ᠡᠷᠬᠢᠨ ᠲᠣᠭᠤᠷᠢᠨ ᠤ

ᠤᠯᠤᠰ ᠯᠤᠭ᠎ᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠴᠢᠳᠠᠪᠤᠷᠢᠲᠠᠨ᠂ ᠡᠮᠴᠢᠯᠡᠭᠡ᠂ ᠰᠣᠶᠣᠯ ᠵᠡᠷᠭᠡ ᠶᠢᠨ ᠰᠣᠯᠢᠯᠴᠠᠭ᠎ᠠ

ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠤᠯᠤᠯᠲᠠ

ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃

    ᠰᠢ ᠶᠢᠨ ᠫᠢᠩ᠂ ᠶᠦᠨᠨᠠᠨ ᠤ ᠠᠮᠢ ᠠᠬᠤᠢ ᠶᠢᠨ ᠪᠠᠶᠢᠷᠢ ᠰᠠᠭᠤᠷᠢ ᠴᠢᠬᠤᠯᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ

ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠪᠠᠷᠠᠭᠤᠨ ᠡᠮᠦᠨᠡᠲᠦ ᠶᠢᠨ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ

ᠭᠠᠵᠠᠷ ᠤᠨ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠬᠠᠶᠢᠷ

ᠴᠢᠯᠠᠭᠤᠵᠢᠬᠤ᠂ ᠬᠥᠷᠥᠰᠥ ᠰᠢᠷᠣᠢ ᠶᠢᠨ ᠢᠳᠡᠭᠳᠡᠯ ᠵᠢᠴᠢ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠥᠷᠨᠢᠭᠦᠯᠬᠦ

ᠬᠡᠷᠡᠭᠲᠡᠢ᠃ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠬᠢᠭᠡᠳ ᠠᠮᠢ ᠠᠬᠤᠢ ᠣᠷᠴᠢᠨ ᠲᠣᠭᠤᠷᠢᠨ ᠤ

ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠵᠣᠯᠭᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠲᠤᠯ ᠢ ᠰᠡᠷᠭᠡᠶᠢᠯᠡᠨ ᠵᠠᠰᠠᠬᠤ

ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ

ᠭᠠᠷᠭᠠᠪᠠ᠃

    ᠰᠢ ᠶᠢᠨ ᠫᠢᠩ᠂ ᠶᠦᠨᠨᠠᠨ ᠳᠤ ᠦᠨᠳᠦᠰᠦᠲᠡᠨ ᠤᠯᠠᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠵᠠᠰᠠᠯᠲᠠ ᠶᠢ ᠴᠢᠩᠭᠠᠳᠬᠠᠵᠤ᠂

ᠦᠨᠳᠦᠰᠦᠲᠡᠨ ᠨᠦᠭᠦᠳ ᠤᠨ ᠪᠦᠬᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠥᠷᠭᠡᠳᠭᠡᠵᠦ᠂ ᠰᠢᠨ᠎ᠡ ᠴᠠᠭ ᠦᠶ᠎ᠡ ᠶᠢᠨ ᠬᠢᠯᠢ

ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ

ᠠᠮᠤᠷ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠨᠢᠭᠡ ᠭᠠᠵᠠᠷ

ᠣᠷᠣᠨ ᠤ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢᠨ ᠲᠦᠪᠰᠢᠨ ᠥᠨᠳᠥᠷ ᠪᠠᠶᠢᠬᠤ ᠡᠰᠡᠬᠦ ᠶᠢ ᠦᠵᠡᠬᠦ ᠳᠤ ᠤᠯᠤᠰ ᠲᠦᠷᠦ ᠶᠢᠨ

ᠠᠮᠢ ᠠᠬᠤᠢ ᠰᠠᠶᠢᠨ ᠪᠠᠶᠢᠬᠤ ᠡᠰᠡᠬᠦ ᠶᠢ ᠦᠵᠡᠬᠦ ᠪᠣᠯ ᠨᠢᠭᠡ ᠴᠢᠬᠤᠯᠠ ᠲᠠᠯ᠎ᠠ ᠪᠣᠯᠤᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠢ

ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠤᠪᠤᠷ ᠰᠤᠷᠲᠠᠯ ᠨᠢ ᠲᠥᠪ ᠴᠢᠬᠡᠴᠢ᠂ ᠲᠦᠪ ᠭᠤᠣᠯᠴᠢ ᠪᠠᠷ ᠠᠵᠢᠯᠯᠠᠵᠤ

᠂ ᠲᠤᠰ ᠪᠡᠶ᠎ᠡ ᠶᠢᠨ ᠵᠢᠱᠢᠶᠡᠴᠢ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃

ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠲᠦᠷᠢᠮ

ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠠᠵᠢᠭᠤ ᠰᠤᠷᠲᠠᠯ ᠢ

ᠵᠠᠬ᠎ᠠ ᠳᠡᠯᠭᠡᠭᠦᠷ ᠦᠭᠡᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠢᠭᠡᠨᠲᠡ ᠪᠠᠶᠢᠷᠢᠯᠠᠭᠤᠯᠵᠠᠢ᠂ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠭᠢᠯᠭᠡ ᠲᠤᠯᠭᠠᠮ

ᠰᠡᠳᠭᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠳᠠᠯ ᠡᠭᠦᠷᠭᠡ ᠲᠠᠢ ᠤᠶᠠᠯᠳᠤᠭᠤᠯᠤᠨ ᠲᠤᠰ

ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠡᠳᠡᠭᠡᠷ ᠵᠢᠯ ᠤᠨ ᠲᠤᠷᠰᠢᠬᠢ ᠰᠤᠷᠲᠠᠯ ᠤᠨ ᠪᠠᠶᠢᠭᠤᠯᠤᠯᠲᠠ ᠶᠢ ᠠᠳᠬᠤᠭᠰᠠᠨ ᠪᠣᠳᠠᠲᠠᠢ

ᠦᠢᠯᠡᠳᠦᠯᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠯᠠᠮ

ᠨᠢᠭᠡ ᠠᠯᠬᠤᠮ ᠨᠡᠪᠲᠡ ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠲᠣᠭᠲᠠᠭᠠᠯ ᠢ ᠡᠵᠡᠮᠳᠡᠨ᠂ ᠠᠰᠠᠭᠤᠳᠠᠯ ᠢ

ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃

ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠢᠯᠵᠢᠷᠠᠯ ᠢ ᠡᠰᠡᠷᠭᠦᠴᠡᠬᠦ ᠶᠢ ᠨᠡᠪᠲᠡᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂

ᠺᠠᠳ᠋ᠷᠴᠤᠳ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ

ᠪᠤᠰᠬᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ

ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃

ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ

ᠪᠤᠯᠵᠤ ᠰᠢᠨᠵᠢᠯᠡᠨ ᠪᠠᠶᠢᠴᠠᠭᠠᠪᠠ᠃

    3 ᠰᠠᠷ᠎ᠠ ᠶᠢᠨ 20 ᠤ ᠦᠳᠡ ᠶᠢᠨ ᠡᠮᠦᠨ᠎ᠡ᠂ ᠰᠢ ᠶᠢᠨ ᠫᠢᠩ ᠺᠦᠨᠮᠢᠩ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ

ᠤᠳᠤᠷᠢᠳᠬᠤ ᠺᠠᠳ᠋ᠷ ᠪᠣᠯᠤᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢᠳ ᠲᠠᠢ ᠺᠦᠨᠮᠢᠩ ᠳᠤ

ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠺᠦᠨᠮᠢᠩ ᠳᠤ

ᠰᠠᠭᠤᠭ᠎ᠠ ᠴᠡᠷᠢᠭ ᠠᠩᠭᠢ ᠶᠢᠨ ᠪᠥᠬᠦ ᠳᠠᠷᠤᠭ᠎ᠠ ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠣᠯᠠᠨ ᠲᠠᠢ ᠬᠠᠮᠲᠤ

ᠰᠠᠬᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃

︵ᠰᠢᠨᠬᠤᠸᠠ ᠬᠤᠷᠢᠶ᠎ᠠ ᠶᠢᠨ ᠺᠦᠨᠮᠢᠩ ᠤᠨ 3 ᠰᠠᠷ᠎ᠠ ᠶᠢᠨ 20 ᠤ ᠴᠠᠬᠢᠯᠭᠠᠨ ᠮᠡᠳᠡᠭᠡ︶

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ