ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠣᠭᠤᠰᠢᠯᠠᠭᠤᠯᠤᠨ ᠨᠠᠶᠢᠳᠠᠪᠣᠷᠢᠵᠢᠭᠤᠯᠵᠤ᠂ ᠤᠢᠢᠷ᠎ᠠ ᠶᠢᠨ ᠵᠢᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ | ᠠᠪᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠣᠷᠠᠳ ᠤᠨ ᠡᠮᠦᠨᠡᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ᠂ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠡᠯ᠎ᠡ ᠲᠥᠷᠥᠯ ᠤᠨ | ᠠᠳᠡᠯ ᠢ ᠤᠷᠢᠳᠴᠢᠯᠠᠨ ᠰᠡᠷᠭᠡᠶᠢᠯᠡᠬᠦ ᠪᠠᠷ ᠬᠠᠷᠠᠯᠲᠠ ᠪᠣᠯᠭᠠᠵᠤ᠂ ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠬᠦᠴᠦᠨ ᠢᠶᠠᠷ | ᠲᠤᠯᠭᠠᠭᠤᠷᠢᠯᠠᠯ ᠪᠣᠯᠭᠠᠵᠤ ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠪᠡ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠶᠢᠨ ᠲᠥᠯᠥᠭᠡ᠂ ᠲᠣᠰ ᠲᠣᠪᠴᠢᠶ᠎ᠠ ᠪᠣᠳᠠᠲᠠᠢ ᠲᠠᠢ ᠤᠶᠠᠯᠳᠤᠭᠤᠯᠤᠨ᠂ ︽ᠭᠤᠣᠯᠳᠠᠯᠭ᠎ᠠ ᠲᠠᠢ | ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠨ ᠤ | ᠬᠠᠤᠯᠢ ᠬᠡᠷᠡᠭᠵᠢᠭᠦᠯᠬᠦ ᠲᠥᠯᠥᠪᠯᠡᠭᠡ ᠶᠣᠰᠣᠭᠠᠷ᠂ ᠬᠢᠨᠠᠨ ᠬᠠᠮᠢᠶᠠᠷᠴᠤ ᠪᠠᠶᠢᠭ᠎ᠠ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ | ᠠᠵᠤ ᠦᠢᠯᠡᠳᠪᠦᠷᠢ ᠠᠷᠠᠯᠵᠢᠶ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠦᠢᠯᠡᠴᠢᠯᠡᠭᠡ ᠶᠢ ᠥᠷᠨᠢᠭᠦᠯᠪᠡ᠃ ᠡᠬᠦᠨ ᠠᠴᠠ ᠭᠠᠳᠠᠨ᠎ᠠ ᠡᠯ᠎ᠡ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠲᠤᠰᠬᠠᠢ ᠮᠡᠷᠭᠡᠵᠢᠯᠲᠡᠨ ᠤ | ᠦᠢᠯᠡᠴᠢᠯᠡᠭᠡᠨ ᠤ ᠪᠦᠯᠬᠦᠮ ᠢ ᠪᠦᠷᠢᠯᠳᠦᠭᠦᠯᠦᠨ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠢ ᠦᠷᠨᠢᠬᠦᠯᠦᠨ᠂ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ ᠶᠢᠨ ᠳᠠᠭᠠᠣ ᠢᠯᠡᠷᠡᠭᠦᠯᠦᠭᠰᠡᠨ ᠠᠰᠠᠭᠤᠳᠠᠯ ᠪᠠ ᠳᠠᠯᠳᠠ ᠬᠡᠮ ᠳᠤ | ᠲᠤᠰᠬᠠᠶ ᠮᠡᠷᠭᠡᠵᠢᠯᠲᠡᠨ ᠠᠴᠠ ᠨᠠᠷᠢᠨ ᠲᠣᠳᠣᠷᠬᠠᠶ ᠬᠠᠷᠢᠭᠤᠯᠲᠠ ᠥᠭᠪᠡ᠃ ᠣᠳᠣᠬᠠᠨ ᠪᠣᠯᠲᠠᠯ᠎ᠠ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ | 25 ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ | ᠲᠦᠪᠰᠢᠨ ᠤ ᠬᠡᠮ ᠰᠣᠭᠤᠭ ᠢ ᠨᠡᠶᠢᠲᠡ 512 ᠣᠯᠵᠤ ᠮᠡᠳᠡᠪᠡ᠃ | ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠪᠤᠴᠠ ᠳᠤ᠂ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠥᠭᠡᠳ ᠬᠤᠤᠷ ᠬᠥᠨᠥᠭᠡᠯ ᠤᠨ ᠦᠷ᠎ᠡ ᠳ᠋ᠦᠩ | ᠭᠠᠷᠭᠠᠭᠰᠠᠨ ᠥᠬᠡᠶ ᠠᠰᠠᠭᠤᠳᠠᠯ ᠤᠨ ᠳᠠᠯᠳᠠ ᠬᠡᠮ ᠳᠤ ᠴᠢᠭᠯᠡᠭᠦᠯᠦᠨ᠂ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ︾ ᠲᠠᠢ ᠬᠠᠷᠢᠴᠠᠭᠤᠯᠤᠨ᠂ ︽ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ︾ ᠪᠠ ︽ | ᠠᠩᠬ᠎ᠠ ᠵᠦᠷᠢᠴᠡᠭᠰᠡᠳ ᠢ ᠥᠯᠥ ᠲᠣᠷᠭᠠᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠬᠤ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠦᠨᠡᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠶᠤᠯᠭᠦᠶ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠶᠤᠯᠭᠦᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠪᠠᠶᠢᠩᠭᠤᠵᠢᠯᠲᠠ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠵᠦ᠂ ᠠᠭᠤᠷᠬᠠᠶ | ᠂ ᠠᠶᠤᠯᠲᠠᠶ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠠᠶᠤᠯᠭᠦᠶ ᠦᠢᠯᠡᠳᠪᠦᠷᠢᠯᠡᠯ ᠤᠨ ᠬᠡᠯᠪᠡᠷᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ | |