3 ᠰᠠᠷ᠎ᠠ ᠶᠢᠨ 20 ᠤ ᠡᠳᠦᠷ᠂ ᠤᠷᠠᠳ ᠤᠨ ᠡᠮᠦᠨᠡᠲᠦ ᠬᠤᠰᠢᠭᠤ 2025 ᠣᠨ ᠤ ᠪᠥᠬᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ | ᠶᠡᠭᠡ ᠳᠠᠶᠢᠯᠠᠯᠳᠤᠭᠠᠨ ᠵᠢᠴᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠬᠤᠷᠠᠯ ᠬᠤᠷᠠᠯᠳᠤᠪᠠ᠃ | | | | | ᠬᠤᠷᠠᠯ ᠳᠤ ︽2025 ᠣᠨ ᠤ ᠪᠥᠬᠦ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠦᠯᠦ ᠬᠠᠯᠳᠠᠭᠠᠬᠤ ᠶᠡᠭᠡ | ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠵᠦ᠂ ᠠᠮᠢᠲᠠᠨ ᠤ ᠬᠢᠵᠢᠭ ᠰᠡᠷᠭᠡᠶᠢᠯᠡᠬᠦ ᠶᠡᠭᠡ | ᠳᠠᠶᠢᠯᠠᠯᠳᠤᠭᠠᠨ ᠤ ᠡᠯ᠎ᠡ ᠵᠦᠢᠯ ᠤᠨ ᠠᠵᠢᠯ ᠤᠨ ᠡᠭᠦᠷᠭᠡ ᠵᠢᠴᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠷᠠᠯ ᠳᠤ ᠴᠢᠩᠭᠠᠳᠬᠠᠭᠰᠠᠨ ᠨᠢ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠬᠠᠷᠢᠶ᠎ᠠ | ᠣᠷᠣᠨ ᠤ ᠪᠠᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠶᠡᠷᠦᠩᠬᠡᠶ ᠬᠠᠷᠢᠭᠤᠴᠠᠵᠤ᠂ ᠳᠠᠭᠠᠭᠠᠨ ᠠᠪᠬᠤ ᠭᠤᠤᠯ ᠴᠣᠭᠴᠠ ︵ᠠᠵᠤ | ᠠᠬᠤᠶᠢᠯᠠᠯ︶ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ︔ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠶᠡᠷᠦᠩᠬᠡᠶᠢᠯᠡᠨ | ᠵᠣᠬᠢᠴᠠᠭᠤᠯᠬᠤ ᠶᠢ ᠰᠠᠶᠢᠲᠤᠷ ᠬᠢᠵᠦ᠂ ᠮᠡᠷᠭᠡᠵᠢᠯ ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠪᠤᠰᠤᠳ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠬᠡᠪᠡ᠃ | ᠣᠳᠣᠬᠠᠨ ᠤ ᠬᠠᠪᠤᠷ ᠤᠨ ᠤᠯᠠᠷᠢᠯ ᠤᠨ ᠠᠮᠢᠲᠠᠨ ᠤ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠲᠡᠭᠡᠭᠡᠪᠦᠷᠢᠯᠡᠬᠦ ᠵᠡᠷᠭᠡ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠤᠨ | ᠪᠠᠶᠢᠳᠠᠯ ᠢ ᠬᠢᠨᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠵᠢᠷᠤᠮᠵᠢᠭᠤᠯᠬᠤ ᠬᠡᠷᠡᠭᠲᠡᠶ᠃ ᠠᠹᠷᠢᠺᠠ ᠲᠢᠪ ᠤᠨ ᠭᠠᠭ᠋ᠠᠶ ᠶᠢᠨ ᠬᠢᠵᠢᠭ | ᠪᠠ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠠᠭ᠋ᠠᠶ᠂ ᠵᠢᠭᠦᠷᠲᠡᠨ᠂ ᠰᠠᠭᠠᠯᠢ ᠶᠢᠨ ᠦᠨᠢᠶ᠎ᠡ᠂ | ᠠᠯᠠᠰᠢᠨ ᠦᠬᠡᠷ᠂ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ︽ᠤᠷᠢᠳᠠᠪᠠᠷ ᠴᠣᠬᠢᠵᠤ ᠳᠠᠷᠠᠭ᠎ᠠ ᠨᠢ ᠨᠥᠬᠦᠪᠥᠷᠢᠯᠡᠬᠦ︾ | ᠠᠵᠢᠯ ᠢ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ | ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ ᠬᠡᠪᠡ᠃ | | | |