| ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠥᠭᠭᠦᠭᠰᠡᠨ ᠰᠢᠢᠳᠭᠡᠯ ① | | ᠠᠷᠪᠠᠳᠤᠭᠠᠷ ᠪᠦᠯᠦᠭ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠳᠬᠡᠯ | ᠵᠠᠭᠤ ᠭᠤᠴᠢᠳᠣᠭᠠᠷ ᠵᠦᠢᠯ ᠠᠵᠢᠯ ᠤᠨ ᠳᠤᠮᠳᠠ ᠬᠠᠷᠢᠭᠤᠴᠠᠯᠭ᠎ᠠ ᠡᠭᠦᠷᠭᠡᠯᠡᠬᠦ ᠦᠭᠡᠢ ᠪᠤᠶᠤ ᠬᠠᠮᠢᠶᠠᠷᠤᠯᠲᠠ ᠶᠢ ᠣᠮᠲᠣᠭᠠᠶᠢᠯᠠᠵᠤ᠂ ᠳᠡᠭᠡᠳᠦ ᠱᠠᠲᠤᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠬᠡᠷᠡᠭᠵᠢᠭᠦᠯᠬᠦ᠂ ᠪᠠᠶᠢᠴᠠᠭᠠᠨ ᠰᠢᠮᠳᠠᠭᠤᠯᠤᠨ ᠨᠠᠶᠢᠳᠠᠪᠤᠷᠢᠵᠢᠭᠤᠯᠤᠭᠰᠠᠨ ᠨᠢ | ᠬᠦᠴᠦᠨ ᠦᠭᠡᠢ᠂ ᠨᠠᠮ᠂ ᠤᠯᠤᠰ ᠪᠠ ᠠᠷᠠᠳ ᠲᠦᠮᠡᠨ ᠤ ᠠᠰᠢᠭ ᠲᠤᠰᠠ ᠵᠢᠴᠢ ᠣᠯᠠᠨ ᠨᠡᠶᠢᠲᠡ ᠶᠢᠨ ᠡᠳ᠋ ᠬᠦᠷᠦᠩᠭᠡ ᠳᠤ ᠨᠡᠯᠢᠶᠡᠳ ᠶᠡᠭᠡ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠠ ᠤᠳᠤᠷᠢᠳᠬᠤ ᠬᠠᠷᠢᠭᠤᠴᠠᠯᠭᠠᠲᠠᠨ ᠳᠤ ᠳᠣᠩᠭᠤᠳᠬᠤ ᠪᠤᠶᠤ ᠴᠢᠩᠭ᠎ᠠ | ᠳᠣᠩᠭᠤᠳᠬᠤ ᠰᠢᠳᠭᠡᠯ ᠥᠭᠭᠦᠨ᠎ᠡ ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠣᠯ ᠨᠠᠮ ᠤᠨ ᠳᠣᠲᠣᠷᠠᠬᠢ ᠲᠤᠰᠢᠶᠠᠯ ᠠᠴᠠ ᠨᠢ ᠣᠭᠴᠣᠷᠠᠭᠤᠯᠬᠤ᠂ | ᠨᠠᠮ ᠳᠤ ᠦᠯᠡᠳᠡᠭᠡᠵᠦ ᠬᠢᠨᠠᠨ ᠦᠵᠡᠬᠦ ᠪᠤᠶᠤ ᠨᠠᠮ ᠠᠴᠠ ᠬᠥᠭᠡᠭᠡᠬᠦ ᠰᠢᠳᠬᠡᠯ ᠣᠯᠭᠤᠨ᠎ᠠ᠃ | ᠨᠠᠮ ᠤᠨ ᠭᠡᠰᠢᠭᠦᠨ ᠤᠳᠤᠷᠢᠳᠬᠤ ᠺᠠᠳ᠋ᠷ ᠲᠤᠰᠢᠶᠠᠯ ᠳᠤ ᠲᠣᠮᠢᠯᠠᠬᠤ ᠠᠴᠠ ᠡᠮᠦᠨ᠎ᠡ ᠨᠢᠭᠡᠨᠲᠡ ᠣᠷᠣᠰᠢᠵᠤ ᠪᠠᠶᠢᠭᠰᠠᠨ ᠮᠥᠷᠲᠡᠭᠡᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠠᠷᠢᠶᠠᠯᠠᠭᠳᠠᠬᠤ ᠠᠰᠠᠭᠤᠳᠠᠯ ᠳᠤ ᠪᠣᠯ ᠬᠠᠷᠢᠭᠤᠴᠠᠯᠭ᠎ᠠ ᠶᠢ ᠨᠠᠵᠠᠭᠠᠢ ᠪᠠᠷ ᠵᠠᠶᠢᠯᠠᠵᠤ᠂ ᠬᠠᠷᠢᠭᠤᠴᠠᠯᠭ᠎ᠠ ᠶᠢ | ᠲᠦᠯᠬᠢᠵᠦ ᠬᠦᠨᠳᠦ ᠨᠣᠴᠢᠲᠠᠢ ᠬᠤᠬᠢᠷᠠᠯ ᠪᠣᠯᠭᠠᠭᠰᠠᠨ ᠪᠤᠶᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ ᠪᠠᠶᠢᠪᠠᠯ᠂ ᠡᠮᠦᠨᠡᠬᠢ ᠵᠤᠷᠪᠤᠰ ᠤᠨ | ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠵᠠᠭᠤ ᠭᠤᠴᠢᠨ ᠨᠢᠭᠡᠳᠦᠭᠡᠷ ᠵᠦᠢᠯ ᠠᠵᠢᠯ ᠤᠨ ᠲᠤᠮᠳᠠ ᠲᠡᠮᠡᠴᠡᠯ ᠬᠢᠬᠦ ᠵᠤᠷᠢᠭ ᠦᠭᠡᠢ᠂ ᠬᠠᠷᠢᠭᠤᠴᠠᠯᠭ᠎ᠠ ᠡᠭᠦᠷᠭᠡᠯᠡᠬᠦ ᠲᠤᠷ᠎ᠠ ᠦᠭᠡᠢ᠂ ᠬᠦᠨᠳᠦ | ᠶᠡᠭᠡ ᠵᠦᠷᠢᠴᠡᠯ ᠮᠦᠷᠭᠦᠯᠳᠦᠭᠡᠨ᠂ ᠠᠶᠤᠯ ᠲᠦᠭᠰᠢᠬᠦᠷᠢ ᠤᠨ ᠡᠮᠦᠨ᠎ᠡ ᠣᠬᠤᠷᠢᠬᠤ ᠵᠡᠷᠭᠡ ᠮᠠᠭᠤ ᠨᠦᠯᠦᠭᠡ ᠭᠠᠷᠭᠠᠭᠰᠠᠨ ᠪᠤᠶᠤ ᠬᠦᠨᠳᠤ ᠨᠤᠴᠢᠳᠠᠢ | ᠤᠷᠰᠢᠭ ᠲᠠᠳᠠᠭᠰᠠᠨ ᠪᠠᠶᠢᠪᠠᠯ᠂ ᠰᠡᠷᠡᠮᠵᠢ ᠦᠭᠬᠦ ᠪᠤᠶᠤ ᠴᠢᠩᠭ᠎ᠠ ᠰᠡᠷᠡᠮᠵᠢᠯᠡᠬᠦᠯᠬᠦ ᠰᠢᠢᠳᠭᠡᠯ ᠦᠭᠬᠦᠨ᠎ᠡ᠃ | | ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠪᠠᠶᠢᠭᠤᠯᠤᠯᠲᠠ | | |