ᠡᠭᠡᠳᠡᠭᠰᠡᠨ ᠰᠦ ᠶᠢ ᠬᠡᠷᠬᠢᠨ ᠰᠣᠩᠭᠤᠬᠤ ᠪᠤᠢ︖
ᠨᠡᠶᠢᠲᠡᠯᠡᠭᠰᠡᠨ ᠴᠠᠭ᠄
2025/3/24
     ᠡᠭᠡᠳᠡᠭᠰᠡᠨ ᠰᠦ ᠪᠣᠯ ᠦᠬᠡᠷ ︵ᠬᠤᠨᠢᠨ ᠤ︶ ᠰᠦ ᠪᠤᠶᠤ ᠰᠦᠨ ᠲᠠᠯᠬ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠪᠠᠺᠲ᠋ᠧᠷᠢ ᠤᠰᠠᠳᠬᠠᠬᠤ᠂ ᠰᠦ   ᠶᠢ ᠢᠰᠬᠡᠭᠰᠡᠨ ᠴᠠᠭᠠᠨ ᠢᠳᠡᠭᠡ ᠪᠣᠯᠣᠨ᠎ᠠ᠃ ᠲᠤᠬᠠᠶᠢᠯᠠᠪᠠᠯ ᠰᠠᠶᠢᠨ ᠤᠭᠤᠷᠠᠭ᠂ ᠺᠠᠯᠼ ᠵᠡᠷᠭᠡ ᠨᠢ ᠪᠠᠰᠠ ᠦᠷᠡᠵᠢᠯᠲᠦ ᠪᠠᠺᠲ᠋ᠧᠷᠢ ᠡᠯᠪᠡᠭ ᠠᠭᠤᠯᠤᠭᠳᠠᠳᠠᠭ᠃  ᠡᠨᠡ ᠨᠢ ᠮᠢᠺᠷᠣᠪ ᠤᠨ ᠢᠰᠬᠡᠯᠲᠡ ᠶᠢᠨ ᠦᠢᠯᠡᠳᠦᠯ ᠢᠶᠠᠷ ᠰᠢᠮ᠎ᠡ ᠲᠡᠵᠢᠭᠡᠯ ᠤᠨ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠳᠡᠭ᠃

微信图片_20250324171410.jpg

   

     ᠣᠯᠠᠨ ᠢᠶᠠᠷ ᠢᠶᠠᠨ ᠡᠭᠡᠳᠡᠭᠰᠡᠨ ᠰᠦ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠪᠠ ᠨᠠᠶᠢᠷᠠᠯᠭ᠎ᠠ ᠶᠢᠨ

ᠬᠦᠰᠦᠨᠦᠭᠲᠦ ᠶᠢ ᠠᠩᠬᠠᠷᠬᠤ ᠶᠢ ᠰᠠᠨᠠᠭᠤᠯᠤᠶ᠎ᠠ᠂ ᠭᠤᠤᠯᠳᠠᠯᠭ᠎ᠠ ᠲᠠᠢ ᠠᠩᠬᠠᠷᠬᠤ ᠴᠢᠬᠤᠯᠠᠲᠠᠶ ᠪᠦᠷᠢᠯᠳᠦᠬᠦᠨ ᠤ  ᠬᠦᠢᠴᠡᠳᠭᠡᠯ ᠲᠤᠭ᠎ᠠ ᠭᠤᠷᠪᠠ ᠪᠣᠶ᠂

ᠲᠤᠬᠠᠶᠢᠯᠠᠪᠠᠯ᠄ ᠤᠭᠤᠷᠠᠭ ᠤᠨ ᠠᠭᠤᠯᠤᠭᠳᠠᠴᠠ᠂ ᠨᠡᠭᠦᠷᠡᠰᠦ ᠤᠰᠤᠨ ᠤ ᠨᠢᠭᠡᠳᠪᠦᠷᠢ ᠶᠢᠨ ᠠᠭᠤᠯᠤᠭᠳᠠᠴᠠ ᠪᠠ ᠨᠠᠶᠢᠷᠠᠯᠭ᠎ᠠ ᠶᠢᠨ ᠮᠠᠲ᠋ᠧᠷᠢᠶᠠᠯ ᠤᠨ

ᠬᠦᠰᠦᠨᠦᠭᠲᠦ ᠪᠣᠯᠤᠨ᠎ᠠ᠃

ᠤᠷᠢᠳ ᠢᠶᠠᠷ ᠤᠭᠤᠷᠠᠭ ᠤᠨ ᠠᠭᠤᠯᠤᠭᠳᠠᠴᠠ᠄ 100 ᠭᠷᠠᠮ ᠪᠦᠷᠢ ᠳᠤ 3.8 ᠭᠷᠠᠮ ᠠᠭᠤᠯᠵᠤ᠂ ᠤᠯᠤᠰ ᠤᠨ ᠪᠠᠷᠢᠮᠵᠢᠶ᠎ᠠ ︵ᠢᠰᠬᠡᠭᠰᠡᠨ ᠰᠦᠨ ᠤ

ᠤᠭᠤᠷᠠᠭ ᠤᠨ ᠠᠭᠤᠯᠤᠭᠳᠠᠴᠠ 2.9% ᠠᠴᠠ ᠳᠡᠭᠡᠭᠰᠢ ᠪᠠᠶᠢᠬᠤ ᠬᠡᠷᠡᠭᠲᠡᠶ︶ ᠠᠴᠠ ᠥᠨᠳᠥᠷ ᠪᠠᠶᠢᠳᠠᠭ᠃

    ᠨᠡᠭᠦᠷᠡᠰᠦ ᠤᠰᠤᠨ ᠤ ᠨᠢᠭᠡᠳᠪᠦᠷᠢ ᠶᠢᠨ ᠠᠭᠤᠯᠤᠭᠳᠠᠴᠠ ᠄ 100 ᠭᠷᠠᠮ ᠪᠦᠷᠢ ᠳᠤ 4.7 ᠭᠷᠠᠮ ᠠᠭᠤᠯᠵᠤ᠂ ᠢᠯᠡᠭᠦᠴᠡ ᠰᠢᠬᠢᠷ ᠨᠡᠮᠡᠭᠰᠡᠨ

ᠦᠭᠡᠢ ᠶᠢ ᠭᠡᠷᠡᠴᠢᠯᠡᠨ᠎ᠡ᠃ ᠦᠨᠢᠶᠡᠨ ᠰᠦ ᠶᠢᠨ ᠲᠤᠰ ᠪᠡᠶ᠎ᠡ ᠳᠤ ᠪᠠᠷᠤᠭ 5% ᠶᠢᠨ ᠰᠦᠨ ᠰᠢᠬᠢᠷ ᠠᠭᠤᠯᠤᠭᠳᠠᠳᠠᠭ᠂ ᠬᠠᠷᠢᠨ ᠰᠢᠬᠢᠷ ᠪᠣᠯ ᠦᠨᠢᠶᠡᠨ 

ᠰᠦ ᠶᠢᠨ ᠳᠣᠲᠣᠷᠠᠬᠢ ᠴᠤᠷ ᠤᠨ ᠭᠠᠭᠴᠠ ᠠᠭᠤᠯᠵᠤ ᠪᠠᠶᠢᠭ᠎ᠠ ᠨᠡᠭᠦᠷᠡᠰᠦ ᠤᠰᠤᠨ ᠤ ᠨᠢᠭᠡᠳᠪᠦᠷᠢ ᠪᠣᠯᠤᠨ᠎ᠠ᠃ 5% ᠣᠷᠴᠢᠮ ᠤᠨ ᠰᠢᠬᠢᠷ ᠤᠨ

ᠠᠭᠤᠯᠤᠭᠳᠠᠴᠠ ᠲᠠᠢ ᠡᠭᠡᠳᠡᠭᠰᠡᠨ ᠰᠦ ᠨᠢ ᠶᠡᠷᠦ ᠳᠡᠭᠡᠨ ᠢᠯᠡᠭᠦᠴᠡ ᠰᠢᠬᠢᠷ ᠨᠡᠮᠡᠭᠰᠡᠨ ᠦᠭᠡᠢ ᠡᠭᠡᠳᠡᠭᠰᠡᠨ  ᠰᠦ ᠪᠣᠯᠤᠨ᠎ᠠ᠃

    ᠨᠠᠶᠢᠷᠠᠯᠭ᠎ᠠ ᠶᠢᠨ ᠬᠦᠰᠦᠨᠦᠭᠲᠦ ᠄ ᠨᠠᠶᠢᠷᠠᠯᠭ᠎ᠠ ᠶᠢᠨ ᠬᠦᠰᠦᠨᠦᠭᠲᠦ ᠶᠢ ᠬᠡᠷᠡᠭᠯᠡᠬᠦ ᠬᠡᠮᠵᠢᠶ᠎ᠡ ᠶᠢᠨ ᠢᠯᠡᠭᠦᠦ ᠠᠴᠠ ᠴᠥᠭᠡᠨ ᠤ ᠳᠡᠰ ᠳᠠᠷᠠᠭ᠎ᠠ ᠪᠠᠷ

ᠵᠢᠭᠰᠠᠭᠠᠳᠠᠭ᠂ ᠶᠡᠷᠦ ᠳᠡᠭᠡᠨ ᠡᠮᠦᠨᠡᠬᠢ ᠬᠡᠳᠦᠨ ᠨᠠᠶᠢᠷᠠᠯᠭ᠎ᠠ ᠶᠢᠨ ᠬᠦᠰᠦᠨᠦᠭᠲᠦ ᠶᠢ ᠦᠵᠡᠨ᠎ᠡ᠂ ᠶᠡᠷᠦ ᠳᠡᠭᠡᠨ ︽ᠨᠠᠶᠢᠷᠠᠯᠭ᠎ᠠ ᠶᠢᠨ ᠬᠦᠰᠦᠨᠦᠭ ᠬᠡᠳᠦᠶ

ᠳᠥᠭᠦᠮ ᠪᠣᠯ ᠲᠡᠳᠦᠶ ᠰᠠᠶᠢᠨ︾ ᠪᠠᠶᠢᠳᠠᠭ᠃

ᠬᠤᠷᠢᠶᠠᠩᠭᠤᠶᠢᠯᠠᠪᠠᠯ᠄ ᠡᠭᠡᠳᠡᠭᠰᠡᠨ ᠰᠦ ᠰᠣᠩᠭᠤᠵᠤ ᠬᠤᠳᠠᠯᠳᠤᠨ ᠠᠪᠬᠤ ᠳᠠᠭᠠᠨ ᠤᠭᠤᠷᠠᠭ ᠤᠨ ᠠᠭᠤᠯᠤᠭᠳᠠᠴᠠ ᠨᠢ 2.9 ᠭᠷᠠᠮ ᠠᠴᠠ ᠬᠡᠲᠦᠷᠡᠭᠰᠡᠨ ᠢ

ᠰᠣᠩᠭᠤᠬᠤ ᠶᠢ ᠠᠩᠬᠠᠷᠤᠨ᠎ᠠ᠂ ᠨᠡᠭᠦᠷᠡᠰᠦ ᠤᠰᠤᠨ ᠤ ᠨᠢᠭᠡᠳᠪᠦᠷᠢ ᠶᠢᠨ ᠠᠭᠤᠯᠤᠭᠳᠠᠴᠠ ᠨᠢ 5 ᠭᠷᠠᠮ ᠣᠷᠴᠢᠮ ᠪᠣᠯ ᠨᠡᠯᠢᠶᠡᠳ ᠰᠠᠶᠢᠨ ᠡᠭᠡᠳᠡᠭᠰᠡᠨ ᠰᠦ

ᠪᠣᠯᠤᠨ᠎ᠠ᠃

             

                ᠢᠷᠡᠯᠲᠡ᠄ ᠠᠷᠠᠳ ᠤᠨ ᠡᠳᠦᠷ ᠤᠨ ᠰᠣᠨᠢᠨ

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ