ᠯᠢ ᠴᠢᠶᠠᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠦᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/25
     ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 23 ᠤ ᠦᠳᠡ ᠶᠢᠨ ᠡᠮᠦᠨ᠎ᠡ ᠪᠡᠭᠡᠵᠢᠩ ᠳᠤ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠦᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃    ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠂ ᠬᠥᠭᠵᠢᠯᠲᠡ ᠪᠣᠯ ᠬᠥᠮᠦᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠃ ᠤᠯᠠᠨ ᠢᠶᠠᠷ ᠢᠶᠠᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠳᠤᠰᠢ ᠶᠢ ᠴᠤ ᠮᠠᠰᠢ ᠠᠩᠬᠠᠷᠴᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠠᠵᠤ ᠠᠬᠤᠢ ᠪᠣᠯᠤᠨ ᠳᠡᠯᠡᠬᠡᠢ ᠶᠢᠨ ᠪᠠᠶᠢᠳᠠᠯ ᠤᠨ ᠲᠤᠬᠠᠢ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠭᠯᠠᠬᠤ ᠪᠠ ᠵᠠᠳᠠᠯᠤᠬᠰᠡᠨ ᠨᠢ ᠮᠠᠰᠢ ᠤᠯᠠᠨ ᠭᠡᠵᠦ ᠬᠡᠯᠡᠵᠦ ᠪᠣᠯᠤᠨ᠎ᠠ᠂ ᠡᠭᠦᠨ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠮᠤᠩ ᠦᠭᠡᠢ ᠤᠯᠠᠨ ᠪᠤᠢ᠃ ᠠᠳᠡ ᠪᠢ ᠪᠠᠰᠠ ᠭᠤᠷᠪᠠᠨ ᠬᠠᠷᠠᠭᠠᠰᠤ ᠠᠴᠠ ᠣᠯᠠᠨ ᠳᠤ ᠠᠵᠢᠭᠯᠠᠯᠲᠠ ᠪᠠ ᠪᠣᠳᠣᠯᠬᠢᠯᠠᠯ ᠢᠶᠠᠨ ᠬᠤᠪᠢᠶᠠᠯᠴᠠᠶ᠎ᠠ ᠭᠡᠵᠦ ᠪᠣᠳᠣᠵᠤ ᠪᠠᠶᠢᠨ᠎ᠠ᠃    ᠨᠢᠭᠡᠳᠦᠭᠡᠷ ᠬᠠᠷᠠᠭᠠᠰᠤ᠄ ︽ᠴᠠᠭᠠᠨ ᠰᠠᠷ᠎ᠠ ᠶᠢᠨ ᠠᠵᠤ ᠠᠬᠤᠢ︾ ᠠᠴᠠ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠵᠢᠬᠤᠢ᠃ ᠡᠨᠡ ᠵᠢᠯ ᠤᠨ ᠴᠠᠭᠠᠨ ᠰᠠᠷ᠎ᠠ ᠶᠢᠨ ᠤᠷᠢᠳ ᠬᠤᠵᠢᠳ᠂ ᠳᠤᠮᠳᠠᠳᠤ ᠤᠯᠤᠰ ᠤᠨ ᠠᠵᠤ ᠠᠬᠤᠶ ᠳᠤ ᠨᠢᠭᠡ ᠪᠦᠯᠦᠭ ᠦᠵᠡᠭᠳᠡᠯ ᠤᠨ ᠲᠠᠰ ᠤᠨ ᠬᠢᠯᠠᠰ ᠴᠡᠭ ᠢᠯᠡᠷᠡᠪᠡ᠃ ᠺᠢᠨᠣ᠋᠂ ᠮᠥᠰᠥ ᠴᠠᠰᠤ᠂ ᠰᠣᠶᠣᠯ ᠵᠢᠭᠤᠯᠴᠢᠯᠠᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠵᠠᠯᠭᠠᠭ᠎ᠠ ᠪᠠᠷ ᠢᠯᠡᠷᠡᠵᠦ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠣᠷᠴᠢᠯ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ᠃ ︽ᠬᠠᠩᠵᠧᠦ ᠶᠢᠨ ᠵᠢᠷᠭᠤᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ︾ ᠵᠡᠷᠭᠡ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠲᠠᠰᠤᠷᠠᠯᠲᠠ ᠥᠬᠡᠶ ᠢᠯᠡᠷᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠯᠤᠲᠤ ᠶᠡᠭᠡ ᠡᠨᠧᠷᠭᠢ ᠶᠢ ᠢᠯᠡᠷᠡᠭᠦᠯᠪᠡ᠃ ᠪᠣᠬᠢᠷᠲᠤᠯ ᠥᠬᠡᠶ ᠬᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠪᠣᠬᠢᠷᠲᠤᠯ ᠥᠬᠡᠶ ᠠᠵᠤ ᠠᠬᠤᠶ ᠨᠢ ᠬᠡᠪ ᠵᠠᠩᠰᠢᠯ ᠪᠣᠯᠵᠣ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠯᠤᠲᠤ ᠶᠡᠭᠡ ᠣᠷᠣᠨ ᠵᠠᠶ ᠶᠢ ᠢᠯᠡᠷᠡᠭᠦᠯᠪᠡ᠃ ᠠᠳᠠᠯᠢ ᠪᠤᠰᠤ ᠬᠦᠷᠢᠶᠡᠨ ᠳᠠᠬᠢ ᠰᠢᠨ᠎ᠡ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠬᠤᠷᠠᠮᠳᠤᠨ ᠪᠤᠵᠠᠭᠠᠶᠢᠷᠠᠵᠤ᠂ ᠳᠤᠮᠳᠠᠳᠤ ᠤᠯᠤᠰ ᠤᠨ ᠠᠵᠤ ᠠᠬᠤᠢ ᠳᠤ ᠥᠨᠢ ᠤᠳᠠᠭᠠᠨ ᠬᠥᠭᠵᠢᠨ ᠴᠡᠴᠡᠭᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠠᠪᠴᠢᠷᠠᠬᠤ ᠨᠢ ᠯᠠᠪᠲᠠᠢ ᠶᠤᠮ᠃     ᠬᠤᠶᠠᠳᠤᠭᠠᠷ ᠬᠠᠷᠠᠭᠠᠰᠤ᠄ ᠪᠥᠬᠦ ᠤᠯᠤᠰ ᠤᠨ ᠬᠤᠶᠠᠷ ᠬᠤᠷᠠᠯ ᠠᠴᠠ ᠳᠤᠮᠳᠠᠳᠤ ᠤᠯᠤᠰ ᠤᠨ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠤᠩᠰᠢᠬᠤᠢ᠃ ᠡᠨᠡ ᠵᠢᠯ ᠳᠤᠮᠳᠠᠳᠤ ᠤᠯᠤᠰ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 5% ᠣᠷᠴᠢᠮ ᠢᠶᠠᠷ ᠲᠣᠭᠲᠠᠭᠠᠭᠰᠠᠨ ᠨᠢ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠨᠥᠬᠦᠴᠡᠯ ᠢ ᠭᠦᠨᠵᠡᠭᠡᠢ ᠡᠵᠡᠮᠳᠡᠭᠰᠡᠨ ᠠᠴᠠ ᠪᠣᠯᠤᠭᠰᠠᠨ ᠪᠦᠭᠡᠳ ᠪᠠᠰᠠ ᠲᠤᠰ ᠪᠡᠶ᠎ᠡ ᠶᠢᠨ ᠵᠠᠰᠠᠯᠲᠠ ᠶᠢᠨ ᠴᠢᠳᠠᠪᠤᠷᠢ ᠪᠠ ᠢᠷᠡᠭᠡᠳᠦᠢ ᠶᠢᠨ ᠬᠥᠭᠵᠢᠯᠲᠡ ᠶᠢᠨ ᠲᠠᠯᠳᠠ ᠬᠦᠴᠦᠨ ᠤ ᠲᠤᠬᠠᠢ ᠪᠠᠲᠤ ᠴᠢᠩᠭ᠎ᠠ ᠢᠲᠡᠭᠡᠯ ᠠᠴᠠ ᠪᠣᠯᠤᠭᠰᠠᠨ ᠶᠤᠮ᠃ ᠪᠢᠳᠡ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠵᠠᠬ᠎ᠠ ᠳᠡᠯᠭᠡᠭᠦᠷ ᠤᠨ ᠬᠦᠴᠦᠨ ᠢ ᠬᠥᠭᠵᠢᠭᠡᠬᠦ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠡᠨᠡ ᠬᠦ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠤᠨ᠎ᠠ᠃ ᠨᠢᠭᠡ ᠲᠠᠯ᠎ᠠ ᠪᠠᠷ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠥᠷᠭᠡᠦ ᠦᠶᠡᠯᠡᠯ ᠤᠨ ᠬᠤᠭᠤᠴᠠᠭᠠᠨ ᠤ ᠲᠤᠬᠢᠷᠠᠭᠤᠯᠤᠯᠳᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠬᠤᠯᠠᠲᠠᠢ ᠦᠶ᠎ᠡ ᠳᠤ ᠰᠢᠨ᠎ᠡ ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ᠂ ᠲᠣᠭᠲᠠᠭᠤᠨ ᠡᠷᠬᠢᠯᠳᠠ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠥᠭᠦᠭᠡ ᠲᠠᠯ᠎ᠠ ᠪᠠᠷ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠠᠵᠤ ᠠᠬᠤᠶ ᠶᠢᠨ ᠡᠷᠬᠢᠯᠳᠠ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠡᠪᠲᠡᠷᠡᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃    ᠭᠤᠷᠪᠠᠳᠤᠭᠠᠷ ᠬᠠᠷᠠᠭᠠᠰᠤ᠄ ᠳᠡᠯᠡᠬᠡᠶ ᠶᠢᠨ ᠬᠤᠪᠢᠷᠠᠯᠲᠠ ᠠᠴᠠ ᠳᠡᠯᠡᠬᠡᠶ ᠶᠢᠨ ᠬᠥᠭᠵᠢᠯᠲᠡ ᠳᠠᠪᠰᠢᠯᠲᠠ ᠶᠢᠨ ᠬᠥᠮᠦᠨ ᠤ   ᠶᠢᠷᠲᠢᠨᠴᠣ ᠶᠢᠨ ᠵᠥᠪ ᠵᠠᠮ ᠢ ᠪᠤᠳᠤᠯᠬᠢᠯᠠᠬᠤᠢ᠃ ᠣᠳᠣᠬᠠᠨ ᠤ ᠳᠡᠯᠡᠬᠡᠢ ᠶᠢᠨ ᠠᠵᠤ ᠠᠬᠤᠢ ᠶᠢᠨ ᠬᠡᠰᠡᠭᠵᠢᠯᠳᠠ ᠰᠢᠷᠦᠭᠦᠰᠴᠦ᠂ ᠲᠣᠭᠲᠠᠪᠤᠷᠢᠳᠤ ᠪᠤᠰᠤ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠬᠤ ᠨᠢ ᠨᠡᠩ ᠴᠤ ᠤᠯᠤᠰ ᠠᠴᠠ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠭᠠᠷ ᠬᠤᠯᠪᠣᠨ ᠡᠰᠡᠷᠭᠦᠴᠡᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠲᠤᠰ ᠪᠡᠶ᠎ᠡ ᠶᠢᠨ ᠬᠥᠭᠵᠢᠯᠲᠡ ᠪᠠᠨ ᠪᠦᠬᠦ ᠪᠥᠮᠪᠥᠷᠴᠡᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠤᠨ ᠲᠣᠭᠲᠠᠪᠤᠷᠢᠳᠤ ᠴᠢᠨᠠᠷ᠂ ᠲᠣᠭᠲᠠᠭᠠᠯᠲᠤ ᠴᠢᠨᠠᠷ ᠤᠨ ᠬᠦᠴᠦᠨ ᠪᠣᠯᠬᠤ ᠪᠠᠷ ᠴᠢᠷᠮᠠᠶᠢᠨ᠎ᠠ᠃ ᠪᠢᠳᠡ ᠨᠡᠭᠡᠭᠡᠯᠲᠡ ᠬᠢᠵᠦ ᠬᠠᠮᠲᠤᠷᠠᠯᠴᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠲᠦᠷᠢᠮ ᠳᠤᠤᠷᠠᠬᠢ ᠡᠷᠬᠡ ᠲᠡᠭᠰᠢ ᠥᠷᠢᠰᠥᠯᠳᠦᠭᠡᠨ ᠢ ᠰᠠᠨᠠᠭᠠᠴᠢᠯᠠᠵᠤ᠂ ᠴᠢᠯᠥᠭᠡᠲᠦ ᠠᠷᠠᠯᠵᠢᠶ᠎ᠠ ᠪᠣᠯᠤᠨ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠥᠬᠡᠶ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ᠂ ᠡᠯ᠎ᠡ ᠤᠯᠤᠰ ᠤᠨ ᠠᠵᠤ ᠠᠬᠤᠶᠢᠯᠠᠯ ᠢ ᠦᠷᠭᠦᠯᠵᠢᠯᠡᠨ ᠪᠠᠶᠠᠷᠯᠠᠨ ᠤᠭᠲᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠥᠷᠭᠡᠳᠭᠡᠵᠦ᠂ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠢᠳᠡᠪᠬᠢᠲᠡᠶ ᠰᠢᠢᠳᠪᠦᠷᠢᠯᠡᠵᠦ᠂ ᠭᠠᠳᠠᠭᠠᠳᠤ ᠪᠠᠯᠠ ᠶᠢᠨ ᠠᠵᠤ ᠠᠬᠤᠶᠢᠯᠠᠯ ᠢ ᠬᠠᠪᠰᠤᠷᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠦᠨᠵᠡᠭᠡᠶ ᠠᠭᠤᠰᠤᠯᠴᠠᠭᠤᠯᠤᠨ᠎ᠠ᠃ ᠠᠵᠤ ᠠᠬᠤᠶᠢᠯᠠᠯᠲᠠᠳ ᠳᠡᠯᠡᠬᠡᠶᠢᠵᠢᠯᠲᠡ ᠶᠢᠨ ᠡᠷᠡᠰ ᠪᠠᠲᠤ ᠬᠠᠮᠠᠭᠠᠯᠠᠭᠴᠢ᠂ ᠠᠬᠢᠭᠤᠯᠤᠭᠴᠢ ᠪᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠰᠡᠳᠭᠢᠯ ᠠᠴᠠ ᠪᠠᠨ ᠬᠠᠮᠲᠤᠷᠠᠯᠴᠠᠵᠤ᠂ ᠭᠠᠭᠴᠠ ᠲᠠᠯᠠᠲᠤ ᠦᠵᠡᠯ ᠪᠣᠯᠤᠨ ᠬᠠᠮᠠᠭᠠᠯᠠᠬᠤ ᠦᠵᠡᠯ ᠢ ᠡᠰᠡᠷᠭᠦᠴᠡᠵᠦ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃    ᠡᠤ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠣᠰ ᠤᠳᠠᠭ᠎ᠠ ᠶᠢᠨ ᠣᠨ ᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠤᠯᠯᠠᠨ ᠡᠷᠭᠢᠯᠡᠪᠡ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ ᠺᠠᠨᠳᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠨ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 720 ᠰᠢᠬᠠᠮ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃︵ᠰᠢᠨᠬᠤᠸᠠ ᠬᠤᠷᠢᠶ᠎ᠡ ᠶᠢᠨ ᠪᠡᠭᠡᠵᠢᠩ ᠤᠨ 3 ᠰᠠᠷ᠎ᠠ ᠶᠢᠨ 23 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ