| ᠠᠭᠤᠰᠬᠢᠨ ᠤ ᠭᠥᠪᠳᠦᠷᠦᠦ ᠲᠠᠢ ᠡᠪᠡᠳᠴᠢᠲᠡᠨ᠄ 3 ᠲᠥᠷᠥᠯ ᠤᠨ ᠢᠳᠡᠭᠡᠨ ᠢ ᠳᠤᠲᠠᠭᠤ ᠢᠳᠡ | 1. ᠰᠡᠳᠦᠯᠲᠡ ᠶᠢᠨ ᠴᠢᠨᠠᠷᠲᠠᠶ ᠢᠳᠡᠭᠡᠨ | ᠯᠠᠵᠤᠤ᠂ ᠬᠡᠷᠴᠢᠮᠡᠯ ᠯᠠᠵᠤᠤ᠂ ᠰᠢᠷᠠᠭᠰᠠᠨ ᠲᠠᠬᠢᠶ᠎ᠠ᠂ ᠲᠣᠰᠣ ᠲᠠᠢ ᠪᠣᠣᠪᠤ᠂ ᠵᠢᠶᠠᠩᠶ᠋ᠢᠦ ᠵᠡᠷᠭᠡ ᠨᠢ ᠰᠡᠳᠦᠯᠲᠡ ᠶᠢᠨ ᠴᠢᠨᠠᠷ ᠢᠶᠠᠷ ᠨᠡᠯᠢᠶᠡᠳ ᠴᠢᠩᠭ᠎ᠠ | ᠢᠳᠡᠭᠡᠨ ᠳᠤ ᠪᠠᠭᠲᠠᠵᠤ᠂ ᠬᠤᠳᠣᠭᠤᠳᠣ ᠭᠡᠳᠡᠰᠦᠨ ᠤ ᠵᠠᠮ ᠢ ᠠᠮᠠᠷᠬᠠᠨ ᠡᠪ ᠦᠭᠡᠢ ᠪᠣᠯᠭᠠᠬᠤ ᠪᠠ ᠰᠢᠩᠭᠡᠭᠡᠯᠲᠡ ᠢ ᠮᠠᠭᠤᠳᠠᠭᠤᠯᠣᠨᠠ᠃ ᠠᠭᠤᠰᠬᠢᠨ ᠤ | ᠭᠥᠪᠳᠦᠷᠦᠦ ᠲᠠᠢ ᠡᠪᠡᠳᠴᠢᠲᠡᠨ ᠴᠢᠳᠠᠬᠤ ᠶᠢᠨ ᠳᠣᠲᠣᠷ᠎ᠠ ᠢᠳᠡᠬᠦ ᠠᠴᠠ ᠵᠠᠶᠢᠯᠠᠰᠬᠢᠬᠦ ᠪᠤᠶᠤ ᠪᠠᠭ᠎ᠠ ᠢᠳᠡᠪᠡᠯ ᠵᠣᠬᠢᠨ᠎ᠠ᠃ | 2. ᠳᠠᠪᠤᠰᠤ ᠶᠡᠬᠡᠲᠡᠶ ᠢᠳᠡᠭᠡᠨ | ᠳᠠᠪᠤᠰᠤ ᠶᠡᠬᠡᠲᠡᠶ ᠢᠳᠡᠭᠡᠨ ᠢ ᠢᠳᠡᠪᠡᠯ ᠪᠡᠶ᠎ᠡ ᠶᠢᠨ ᠳᠣᠲᠣᠷᠠᠬᠢ ᠤᠰᠤᠨ ᠤ ᠪᠦᠷᠢᠯᠳᠦᠬᠦᠨ ᠢ ᠰᠠᠭᠠᠲᠠᠭᠤᠯᠵᠤ᠂ ᠪᠡᠶ᠎ᠡ ᠶᠢᠨ ᠳᠣᠲᠣᠷᠠᠬᠢ ᠰᠢᠩᠭᠡᠨ | ᠪᠡᠶᠡᠲᠦ ᠶᠢᠨ ᠳᠠᠭᠠᠭᠠᠴᠠ ᠶᠢ ᠨᠡᠮᠡᠭᠳᠡᠭᠦᠯᠵᠦ᠂ ᠠᠭᠤᠰᠬᠢᠨ ᠤ ᠭᠥᠪᠳᠦᠷᠦᠦ ᠲᠠᠢ ᠡᠪᠡᠳᠴᠢᠲᠡᠨ ᠳᠤ ᠠᠪᠴᠤ ᠬᠡᠯᠡᠪᠡᠯ ᠪᠡᠶ᠎ᠡ ᠮᠠᠬᠠᠪᠣᠳ ᠤᠨ | ᠡᠷᠡᠭᠦᠯᠵᠢᠬᠦ ᠳᠤ ᠠᠰᠢᠭ ᠥᠬᠡᠶ ᠶᠤᠮ᠃ ᠡᠶᠢᠮᠦ ᠠᠴᠠ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠨᠤᠭᠤᠰᠤᠨ ᠥᠨᠳᠡᠭᠡ | ᠵᠡᠷᠭᠡ ᠳᠠᠪᠤᠰᠤᠨ ᠤ ᠠᠭᠤᠯᠤᠭᠳᠠᠴᠠ ᠥᠨᠳᠥᠷ ᠢᠳᠡᠭᠡᠨ ᠢ ᠢᠳᠡᠬᠦ ᠪᠠᠨ ᠪᠠᠭᠠᠰᠬᠠᠬᠤ ᠶᠢ ᠠᠩᠬᠠᠷᠬᠤ ᠬᠡᠷᠡᠭᠲᠡᠶ᠃ | 3.ᠰᠡᠲᠤᠯᠲᠡ ᠶᠢᠨ ᠴᠢᠨᠠᠷᠲᠠᠶ ᠤᠮᠳᠠᠭᠠᠨ | ᠥᠳᠬᠡᠨ ᠴᠠᠶ᠂ ᠺᠤᠯᠠ ᠮᠡᠲᠦ ᠶᠢᠨ ᠺᠤᠹᠤᠶᠢᠨ ᠪᠣᠯᠤᠨ ᠰᠡᠲᠤᠯᠲᠡ ᠶᠢᠨ ᠴᠢᠨᠠᠷᠲᠠᠶ ᠤᠮᠳᠠᠭᠠᠨ ᠨᠢ ᠲᠥᠪ ᠮᠡᠳᠡᠷᠡᠯ ᠤᠨ ᠰᠢᠰᠲ᠋ᠧᠮ ᠳᠤ ᠰᠡᠳᠦᠯᠲᠡ | ᠥᠭᠴᠦ᠂ ᠠᠭᠤᠰᠬᠢᠨ ᠤ ᠭᠥᠪᠳᠦᠷᠦᠦ ᠲᠠᠢ ᠡᠪᠡᠳᠴᠢᠲᠡᠨ ᠤ ᠵᠣᠪᠠᠨᠢᠯ ᠢ ᠨᠡᠮᠡᠭᠳᠡᠭᠦᠯᠳᠡᠭ᠃ ᠡᠶᠢᠮᠦ ᠠᠴᠠ ᠠᠮᠢᠳᠤᠷᠠᠯ ᠤᠨ ᠳᠤᠮᠳᠠ ᠤᠤᠭᠤᠬᠤ | ᠬᠡᠮᠵᠢᠶ᠎ᠡ ᠪᠠᠨ ᠬᠢᠵᠠᠭᠠᠷᠯᠠᠬᠤ ᠶᠢ ᠠᠩᠬᠠᠷᠬᠤ ᠬᠡᠷᠡᠭᠲᠡᠶ᠃ | | | ᠢᠷᠡᠯᠲᠡ᠄ ᠰᠢᠨᠬᠤᠸᠠ ᠬᠤᠷᠢᠶ᠎ᠠ | |