ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠬᠢᠬᠡᠳ ᠦᠪᠦᠷ ᠮᠤᠩᠭᠤᠯ ᠤᠨ ᠦᠢᠯᠡᠳᠦᠯᠬᠡ ᠶᠢᠨ ᠲᠤᠬᠠᠢ ᠶᠠᠷᠢᠯᠴᠠᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2025/3/25
     ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠬᠤᠷᠢᠶᠠᠨ ᠤ ᠠᠯᠪᠠᠨ ᠭᠡᠷ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ︵ᠵᠠᠰᠠᠬ ᠵᠠᠬᠢᠷᠭᠠᠨ ᠤ ᠲᠡᠭᠡᠳᠦ ᠰᠤᠷᠭᠠᠭᠤᠯᠢ︶ ᠬᠠᠮᠳᠤᠷᠠᠨ ᠬᠦᠬᠡᠬᠤᠳᠠ ᠳᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠬᠢᠬᠡᠳ ᠦᠪᠦᠷ ᠮᠤᠩᠭᠤᠯ ᠤᠨ ᠦᠢᠯᠡᠳᠦᠯᠬᠡ ᠶᠢᠨ ᠲᠤᠬᠠᠢ ᠶᠠᠷᠢᠯᠴᠠᠬᠤ ᠬᠤᠷᠠᠯ ᠬᠢᠪᠡ᠃     2025 ᠤᠨ ᠪᠤᠯ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠳᠡᠯᠡᠨ ᠬᠡᠷᠡᠭᠵᠢᠬᠦᠯᠦᠭᠰᠡᠨ 10 ᠵᠢᠯ ᠤᠨ ᠤᠢ ᠳᠤᠬᠢᠶᠠᠵᠦ ᠪᠠᠶᠢᠭ᠎ᠠ ᠪᠦᠬᠡᠳ ᠡᠨᠡ ᠵᠢᠯ ᠤᠨ 4 ᠰᠠᠷ᠎ᠠ ᠶᠢᠨ 15 ᠪᠤᠯ ᠠᠷᠪᠠᠳᠡᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠪᠤᠯᠤᠨ᠎ᠠ᠃ ᠶᠠᠷᠢᠯᠴᠠᠬᠤ ᠬᠤᠷᠠᠯ ᠨᠢ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ ᠪᠠᠷ ᠬᠦᠴᠦᠯᠡᠨ ᠴᠢᠷᠮᠠᠶᠢᠵᠦ᠂ ᠤᠯᠤᠰ ᠤᠨ ᠠᠮᠤᠷ ᠲᠦᠪᠰᠢᠨ ᠤ ᠬᠠᠮᠠᠭᠠᠯᠠᠯᠳᠠ ᠶᠢ ᠴᠤᠭᠴᠠᠯᠠᠬᠤ ᠳᠤ ᠨᠡᠩ ᠤᠯᠠᠨ ᠦᠪᠦᠷ ᠮᠤᠩᠭᠤᠯ ᠤᠨ ᠬᠦᠴᠦᠨ ᠴᠢᠳᠠᠯ ᠢ ᠡᠷᠬᠦᠶ᠎ᠡ︾ ᠬᠡᠬᠦ ᠭᠤᠤᠯ ᠰᠡᠳᠦᠪ ᠢᠶᠠᠷ ᠤᠨᠤᠯ ᠤᠨ ᠲᠠᠶᠢᠯᠪᠤᠷᠢᠯᠠᠯᠳᠠ ᠪᠠ ᠰᠤᠯᠢᠯᠴᠠᠭ᠎ᠠ ᠦᠷᠨᠢᠬᠦᠯᠪᠡ᠃ ᠲᠦᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠬ ᠵᠠᠬᠢᠷᠭᠠᠨ ᠤ ᠲᠡᠭᠡᠳᠦ ᠰᠤᠷᠭᠠᠭᠤᠯᠢ︶᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠬᠡ ᠨᠢᠭᠡᠴᠢ ᠶᠢᠨ 6 ᠲᠤᠰᠬᠠᠢ ᠮᠡᠷᠬᠡᠵᠢᠯᠳᠡᠨ ᠡᠷᠳᠡᠮᠳᠡᠨ ᠠᠴᠠ ᠲᠤᠰᠪᠤᠷᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠢᠯᠢ ᠬᠢᠵᠠᠭᠠᠷ ᠤᠨ ᠵᠠᠰᠠᠯᠳᠠ ᠶᠢ ᠴᠢᠩᠭᠠᠳᠬᠠᠬᠤ᠂ ᠡᠨᠤᠷᠬᠢ ᠶᠢᠨ ᠠᠮᠤᠷ ᠲᠦᠪᠰᠢᠨ ᠢ ᠬᠠᠮᠠᠭᠠᠯᠠᠬᠤ ᠵᠡᠷᠬᠡ ᠲᠠᠯ᠎ᠠ ᠠᠴᠠ ᠦᠪᠡᠷ ᠤᠨ ᠰᠤᠳᠤᠯᠭᠠᠨ ᠤ ᠬᠦᠷᠢᠶ᠎ᠡ ᠲᠠᠢ ᠪᠠᠨ ᠤᠶᠠᠯᠳᠤᠭᠤᠯᠤᠨ ᠪᠤᠳᠤᠯ ᠰᠠᠨᠠᠯ ᠢᠶᠠᠨ ᠰᠤᠯᠢᠯᠴᠠᠵᠤ᠂ ᠬᠠᠮᠢᠶ᠎ᠠ ᠪᠦᠬᠦᠢ ᠰᠠᠨᠠᠭᠤᠯᠭ᠎ᠠ ᠲᠤᠷᠠᠳᠪᠠ᠃    ᠬᠤᠷᠠᠯ ᠳᠤ ᠤᠷᠤᠯᠴᠠᠬᠰᠠᠨ ᠲᠤᠰᠬᠠᠢ ᠮᠡᠷᠬᠡᠵᠢᠯᠳᠡᠨ ᠠᠴᠠ᠂ ᠦᠪᠦᠷ ᠮᠤᠩᠭᠤᠯ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠳᠡ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠦ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠬᠦᠨᠵᠡᠬᠡᠢ ᠲᠤᠭᠤᠰᠢᠯᠠᠭᠤᠯᠤᠨ ᠬᠡᠷᠡᠭᠵᠢᠬᠦᠯᠵᠦ᠂ ᠤᠯᠤᠰ ᠤᠨ ᠠᠮᠤᠷ ᠲᠦᠪᠰᠢᠨ ᠤ ᠰᠢᠰᠲᠤᠮ ᠪᠠ ᠴᠢᠳᠠᠪᠤᠷᠢ ᠶᠢᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠢᠯᠡᠷᠬᠡᠢ ᠠᠮᠵᠢᠯᠳᠠ ᠪᠦᠳᠦᠮᠵᠢ ᠤᠯᠵᠠᠢ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠠᠮᠵᠢᠯᠳᠠ ᠪᠦᠳᠦᠮᠵᠢ ᠪᠠᠨ ᠦᠷᠬᠦᠯᠵᠢᠯᠡᠨ ᠪᠠᠬᠢᠵᠢᠬᠦᠯᠦᠨ ᠪᠠᠳᠠᠷᠠᠭᠤᠯᠵᠤ᠂ ᠠᠮᠵᠢᠯᠳᠠ ᠲᠠᠢ ᠲᠤᠷᠰᠢᠯᠭ᠎ᠠ ᠪᠠᠨ ᠬᠤᠷᠢᠶᠠᠩᠭᠤᠶᠢᠯᠠᠨ ᠳ᠋ᠦᠩᠨᠡᠵᠦ ᠰᠠᠶᠢᠳᠤᠷ ᠬᠡᠷᠡᠭᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠦᠷᠬᠦᠯᠵᠢᠯᠡᠨ ᠲᠡᠭᠡᠭᠰᠢᠯᠡᠬᠦᠯᠵᠦ᠂ ᠦᠪᠡᠷᠳᠡᠬᠡᠨ ᠵᠠᠰᠠᠬᠤ ᠤᠷᠤᠨ ᠤ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ᠂ ︽ᠵᠢᠷᠭᠤᠭᠠᠨ ᠢᠨᠵᠤᠨᠤᠷᠢᠩ︾ ᠢ ᠦᠷᠬᠦᠯᠵᠢᠯᠡᠨ ᠬᠡᠷᠡᠭᠵᠢᠬᠦᠯᠬᠦ ᠳᠤ ᠬᠦᠴᠦᠳᠡᠢ ᠪᠠᠳᠤᠯᠠᠭ᠎ᠠ ᠬᠠᠩᠭᠠᠪᠠᠯ ᠵᠤᠬᠢᠨ᠎ᠠ ᠬᠡᠵᠦ ᠦᠵᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ