ᠥᠪᠥᠷ ᠮᠣᠩᠭᠤᠯ 15 ᠵᠦᠢᠯ ᠤᠨ ᠠᠷᠭ᠎ᠠ ᠬᠡᠮᠵᠢᠶ᠎ᠡ ᠠᠪᠴᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2025/3/25
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ 2025 ᠣᠨ ᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠦᠲᠡᠯᠮᠦᠷᠢᠴᠢᠳ ᠲᠤ ᠦᠢᠯᠡᠴᠢᠯᠡᠬᠦ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ 15 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠤᠳᠤᠷᠬᠠᠶᠢᠯᠠᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠲᠠᠳᠠᠨ ᠠᠪᠴᠢᠷᠠᠵᠤ ᠂ ᠵᠣᠬᠢᠶᠠᠨ ᠪᠠᠶᠢᠭᠤᠯᠵᠤ᠂ ᠲᠣᠭᠲᠠᠪᠤᠷᠢᠵᠢᠭᠤᠯᠵᠦ ᠪᠤᠢ᠃    15 ᠵᠦᠢᠯ ᠤᠨ ᠠᠷᠭ᠎ᠠ ᠬᠡᠮᠵᠢᠶ᠎ᠡ ᠳᠤ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠤᠳᠬ᠎ᠠ ᠤᠷᠠᠯᠢᠭ ᠢ ᠲᠡᠷᠬᠡᠲᠡ ᠨᠢ ᠬᠦᠷᠭᠡᠬᠦ᠂ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ᠂ ᠰᠢᠨ᠎ᠡ ᠠᠵᠢᠯᠴᠢᠨ ᠤ ᠡᠪᠯᠡᠯ ᠤᠨ ᠬᠡᠰᠢᠭᠦᠨ ᠢ ᠬᠠᠯᠠᠮᠵᠢᠯᠠᠬᠤ᠂ ᠬᠠᠤᠯᠢ ᠪᠠᠷ ᠵᠠᠰᠠᠬᠤ ᠠᠶᠠᠯᠠᠯ ᠬᠠᠮᠠᠭᠠᠯᠠᠬᠤ ᠠᠵᠢᠯᠯᠠᠭ᠎ᠠ ᠦᠷᠨᠢᠬᠦᠯᠬᠦ᠂ ᠵᠥᠪᠳᠡᠯᠴᠡᠨ ᠬᠠᠮᠲᠤ ᠪᠠᠷ ᠰᠶᠢᠳᠪᠦᠷᠢᠯᠡᠬᠦ᠂ ᠬᠡᠪ ᠴᠢᠨᠠᠷ ᠢ ᠳᠡᠭᠡᠭᠰᠢᠯᠡᠭᠦᠯᠬᠦ᠂ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠡᠮᠴᠢᠯᠡᠭᠡ ᠰᠤᠪᠢᠯᠠᠯᠲᠠ᠂ ᠬᠠᠶᠢᠷ᠎ᠠ ᠬᠠᠯᠠᠮᠵᠢ ᠬᠦᠷᠬᠡᠬᠦ ᠵᠡᠷᠭᠡ ᠶᠢ ᠪᠠᠭᠲᠠᠭᠠᠨ᠎ᠠ᠃    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ︽ᠤᠮᠠᠷᠠᠲᠤ ᠬᠢᠯᠢ ᠶᠢᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠶᠡᠭᠡ ᠬᠢᠴᠢᠶᠡᠯ︾ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠪᠦᠬᠦ ᠣᠷᠣᠨ ᠳᠤ 100 ᠲᠠᠯᠠᠪᠤᠷ ᠰᠤᠶᠤᠯ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠨᠠᠮ ᠤᠨ ᠰᠢᠨ᠎ᠡ ᠶᠢ ᠡᠬᠦᠳᠦᠭᠰᠡᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ 100 ᠲᠠᠯᠠᠪᠤᠷ ᠥᠷᠨᠢᠭᠦᠯᠦᠨ᠎ᠡ︔ ᠤᠮᠠᠷᠠᠲᠤ ᠬᠢᠯᠢ ᠶᠢᠨ ᠠᠵᠢᠯᠲᠠᠨ ᠠᠵᠢᠯᠴᠢᠨ ᠤ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ 60 ᠲᠠᠯᠠᠪᠤᠷ ᠲᠤᠬᠤᠨᠢᠭᠤᠯᠬᠤ ᠲᠣᠭᠯᠠᠯᠲᠠ ᠭᠠᠷᠭᠠᠨ᠎ᠠ︔ ᠥᠪᠥᠷ ᠮᠣᠩᠭᠤᠯ ᠤᠨ ᠨᠡᠭᠡᠭᠡᠯᠲᠡ ᠶᠡᠭᠡ ᠰᠤᠷᠭᠠᠭᠤᠯᠢ ᠪᠠᠷ ᠳᠠᠮᠵᠢᠨ ᠪᠥᠬᠦ ᠣᠷᠣᠨ ᠤ ᠨᠢᠭᠡᠳᠦᠭᠡᠷ ᠹᠷᠣᠨᠲ ᠤᠨ ᠠᠵᠤ ᠦᠢᠯᠡᠰ ᠤᠨ ᠠᠵᠢᠯᠴᠢᠨ ᠳᠤ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠲᠡᠭᠡᠵᠦ᠂ ᠬᠦᠯᠦᠰᠦᠨ ᠮᠠᠯᠴᠢᠨ ᠲᠠᠷᠢᠶᠠᠴᠢᠨ ᠤ ︽ᠪᠢᠴᠢᠭ ᠦᠵᠡᠬᠦ ᠬᠦᠰᠡᠯ ᠵᠡᠭᠦᠳᠦ ᠶᠢ ᠲᠡᠷᠭᠡᠯᠰᠢᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ 250 ᠨᠡᠷ᠎ᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠢ ᠬᠠᠪᠰᠤᠷᠤᠨ ᠰᠤᠷᠤᠯᠭ᠎ᠠ ᠶᠢᠨ ᠨᠠᠮᠲᠠᠷ ᠢ ᠨᠢ ᠳᠡᠭᠡᠭᠰᠢᠯᠡᠭᠦᠯᠤᠨ᠎ᠠ︔ 500 ᠲᠦᠮᠡᠨ ᠲᠥᠭᠦᠷᠢᠭ ᠤᠨ ᠪᠡᠯᠡ ᠣᠷᠣᠭᠤᠯᠵᠤ ᠪᠦᠬᠦ ᠣᠷᠣᠨ ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠲᠥᠪᠯᠡᠷᠡᠭᠦᠯᠦᠨ ᠠᠵᠢᠯᠴᠢᠨ ᠤ ᠡᠪᠯᠡᠯ ᠳᠤ ᠤᠷᠤᠭᠤᠯᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠦᠨ᠎ᠡ︔ 1300 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯᠴᠢᠨ ᠤ ᠡᠪᠯᠡᠯ ᠳᠤ ᠨᠥᠬᠦᠪᠦᠷᠢ ᠦᠭᠬᠦᠨ᠎ᠠ︔ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠬᠠᠨᠳᠤᠭᠤᠯᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠨᠢᠬᠦᠯᠦᠨ᠎ᠠ︔ ᠨᠢᠭᠡᠨᠲᠡ ᠠᠵᠢᠯᠴᠢᠨ ᠤ ᠡᠪᠯᠡᠯ ᠪᠠᠶᠢᠭᠤᠯᠤᠭᠰᠠᠨ 200 ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ ᠠᠬᠤᠶᠢᠯᠠᠯ ᠤᠨ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠶᠢᠳᠪᠦᠷᠢᠯᠡᠨ᠎ᠡ︔ ᠪᠥᠬᠦ ᠣᠷᠣᠨ ᠤ ᠲᠦᠷᠭᠡᠨ ᠬᠦᠷᠭᠡᠭᠴᠢ ᠂ ᠲᠦᠷᠭᠡᠨ ᠬᠦᠷᠭᠡᠬᠦ ᠵᠦᠢᠯ ᠢ ᠰᠶᠢᠳᠪᠦᠷᠢᠯᠡᠬᠦ ᠠᠵᠢᠯᠲᠠᠨ ᠪᠠ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠢ ᠡᠷᠭᠢᠯᠡᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠤ ᠤᠷ᠎ᠠ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ︔ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠵᠢᠴᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠲᠠᠨᠢᠯᠴᠠᠭᠤᠯᠬᠤ ᠣᠷᠣᠨ ᠲᠤᠭ᠎ᠠ ᠶᠢᠨ ᠳᠣᠲᠣᠷ᠎ᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠵᠣᠬᠢᠬᠤ ᠬᠠᠷᠢᠴᠠᠯ ᠡᠵᠡᠯᠡᠬᠦ ᠶᠢ ᠪᠠᠳᠤᠯᠠᠨ᠎ᠡ︔ 600 ᠨᠡᠷᠡᠰ ᠰᠢᠨ᠎ᠡ ᠡᠵᠢᠯ ᠤᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠢ ᠵᠣᠬᠢᠶᠠᠨ ᠪᠠᠶᠢᠭᠤᠯᠵᠤ ᠡᠮᠨᠡᠭᠦᠯᠦᠨ ᠰᠤᠪᠢᠯᠠᠭᠤᠯᠤᠨ᠎ᠠ︔ 300 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠬᠦᠷᠭᠡᠬᠦ ᠪᠡᠯᠡ ᠮᠥᠩᠭᠦ ᠲᠣᠬᠢᠷᠠᠭᠤᠯᠵᠤ᠂ ᠪᠥᠬᠦ ᠣᠷᠣᠨ ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠬᠠᠶᠢᠷ᠎ᠠ ᠬᠠᠯᠠᠮᠵᠢ ᠬᠦᠷᠬᠡᠬᠦ ᠠᠵᠢᠯᠯᠠᠭ᠎ᠠ ᠥᠷᠨᠢᠭᠦᠯᠦᠨ᠎ᠡ︔ 2 ᠲᠦᠮᠡᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠳᠤ ᠰᠦᠢᠳᠬᠡᠯ ᠬᠤᠷᠢᠶᠠᠬᠤ ᠦᠭᠡᠢ ᠪᠠᠷ ᠡᠷᠡᠬᠦᠯ ᠤᠨ ᠪᠠᠶᠢᠴᠠᠭᠠᠯᠲᠠ ᠶᠢᠨ ᠦᠢᠯᠡᠴᠢᠯᠡᠭᠡ ᠪᠠ ᠠᠯᠤᠰ ᠡᠵᠡᠮᠰᠢᠯᠳᠦ ᠡᠮᠴᠢᠯᠡᠭᠡ ᠬᠠᠩᠭᠠᠨ᠎ᠠ︔ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠦᠷ᠎ᠡ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠬᠢ ᠶᠢ ᠢᠲᠡᠪᠬᠢᠲᠡᠢ ᠡᠷᠬᠢᠯᠡᠨ᠎ᠡ︔ 200 ᠨᠡᠷ᠎ᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠤ ᠦᠷ᠎ᠡ ᠬᠡᠦᠬᠡᠳ ᠢ ᠵᠣᠬᠢᠶᠠᠨ ᠪᠠᠶᠢᠭᠤᠯᠵᠤ᠂ ᠨᠡᠷᠡᠨ ᠬᠡᠷᠡᠯᠳᠦ ᠪᠠᠭᠠᠴᠤᠳ ᠤᠨ ᠵᠤᠰᠠᠯᠠᠩ ᠤᠨ ᠠᠵᠢᠯᠯᠠᠭ᠎ᠠ ᠶᠢ ᠥᠷᠨᠢᠭᠦᠯᠦᠨ᠎ᠡ︔ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠤᠷᠤᠭᠯᠠᠬᠤ ᠢᠨᠠᠭᠯᠠᠬᠤ ᠨᠠᠶᠢᠵᠠᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ